ᠲᠤᠮᠳᠠᠳᠤ ᠤᠯᠤᠰ ᠤᠨ ᠬᠠᠮᠤᠭ ᠦᠵᠡᠰᠬᠦᠯᠡᠩᠳᠦ ᠲᠠᠯ᠎ᠠ ᠨᠤᠳᠤᠭ  ︽99 ᠨᠤᠮᠧᠷᠳᠤ ᠠᠶᠠᠯᠠᠯ ᠤᠨ ᠵᠠᠮ︾ ᠦᠪᠦᠷ ᠮᠤᠩᠭᠤᠯ · ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠴᠤᠭᠯᠠᠭᠠᠨ ᠲᠢᠶᠠᠨᠵᠢᠨ ᠬᠤᠲᠠ ᠳᠤ ᠶᠠᠪᠤᠠᠠᠳᠠᠪᠠ
ᠨᠡᠶᠢᠲᠡᠯᠡᠭᠰᠡᠨ ᠴᠠᠭ᠄
2025/5/15
    5 ᠰᠠᠷ᠎ᠠ ᠶᠢᠨ 13 ᠤ ᠡᠳᠦᠷ᠂ ᠲᠤᠮᠳᠠᠳᠤ ᠤᠯᠤᠰ ᠤᠨ ᠬᠠᠮᠤᠭ ᠦᠵᠡᠰᠬᠦᠯᠡᠩᠳᠦ ᠲᠠᠯ᠎ᠠ ᠨᠤᠳᠤᠭ ︽99 ᠨᠤᠮᠧᠷᠳᠤ ᠠᠶᠠᠯᠠᠯ ᠤᠨ ᠵᠠᠮ︾ ᠦᠪᠦᠷ ᠮᠤᠩᠭᠤᠯ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ  ᠤᠨ ᠲᠠᠨᠢᠯᠴᠠᠭᠤᠯᠭ᠎ᠠ ᠶᠢᠨ ᠴᠤᠭᠯᠠᠭᠠᠨ ᠲᠢᠶᠠᠨᠵᠢᠨ ᠬᠤᠲᠠ ᠳᠤ ᠶᠠᠪᠤᠠᠠᠳᠠᠪᠠ᠃
        ᠴᠤᠠᠠᠯᠠᠭᠠᠨ ᠤ ᠠᠬᠤᠢ ᠲᠠᠯᠠᠪᠠᠢ ᠳᠤ ᠤᠶᠠᠩᠭᠠᠳᠤ ᠰᠠᠶᠢᠬᠠᠨ ᠠᠶ᠎ᠠ ᠲᠠᠭᠤᠤ ᠬᠠᠩᠭᠢᠨᠠᠨ ᠲᠠᠯ᠎ᠠ ᠨᠤᠲᠤᠭ ᠤᠨ ᠠᠭᠤᠷ ᠠᠮᠢᠰᠬᠤᠯ ᠢᠶᠠᠷ ᠪᠢᠯᠬᠠᠵᠤ᠂ ᠲᠢᠶᠠᠠᠵᠢᠨ ᠤ ᠲᠡᠦᠬᠡ ᠰᠣᠶᠣᠯ ᠤᠨ ᠨᠡᠷᠡᠳᠦ ᠬᠤᠳᠠ ᠶᠢᠨ ᠥᠪᠡᠷᠮᠢᠴᠡ ᠬᠦᠭ ᠠᠶᠠᠰ ᠲᠠᠢ ᠠᠭᠤᠰᠤᠯᠴᠠᠨ᠂ ᠬᠤᠷᠠᠭᠰᠠᠨ ᠤᠯᠠᠨ ᠤ ᠰᠡᠳᠬᠢᠯ ᠢ ᠬᠦᠭᠰᠡᠭᠡᠵᠦ᠂ ᠮᠤᠷᠢᠨ ᠬᠤᠭᠤᠷ ᠂ ᠬᠦᠮᠡᠢ ᠶᠢᠨ ᠠᠶᠠᠯᠭᠤ ᠨᠢ ᠲᠢᠶᠠᠨᠵᠢᠨ ᠬᠤᠳᠠ ᠶᠢᠨ ᠵᠤᠴᠢᠳ ᠲᠤ ᠲᠠᠯ᠎ᠠ ᠨᠤᠲᠤᠭ ᠤᠨ ᠨᠠᠮ ᠰᠡᠯᠡᠭᠦᠨ ᠪᠠ ᠦᠨᠳᠦᠰᠦᠳᠡᠨ ᠤ ᠰᠤᠶᠤᠯ ᠤᠨ ᠬᠦᠨ ᠨᠢᠭᠤᠴᠠᠭᠠᠢ ᠶᠢ  ᠮᠡᠳᠡᠷᠡᠭᠦᠯᠵᠡᠢ᠃
         ᠲᠤᠰ ᠴᠤᠠᠠᠯᠠᠭᠠᠨ ᠳᠤ᠂ ᠸᠢᠳᠢᠤ᠋ ᠪᠢᠴᠢᠯᠭᠡ᠂ ᠵᠢᠷᠤᠭ ᠲᠦᠷᠰᠦ ᠲᠠᠢ ᠤᠶᠠᠯᠳᠤᠭᠤᠯᠤᠨ ᠪᠠᠷᠠᠭᠤᠨ ᠦᠵᠦᠮᠦᠴᠢᠨ ᠬᠤᠰᠢᠭᠤᠨ ᠤ ᠦᠵᠡᠰᠬᠦᠯᠡᠩᠳᠦ ᠰᠠᠶᠢᠬᠠᠨ ᠪᠠᠶᠢᠭᠠᠯᠢ ᠠᠬᠤᠢ᠂ ᠬᠤᠪᠣᠷ ᠨᠠᠨᠳᠢᠨ ᠲᠡᠦᠬᠡ ᠰᠣᠶᠣᠯ ᠤᠨ ᠦᠯᠡᠳᠡᠭᠳᠡᠯ ᠪᠠ ᠥᠪᠡᠷᠮᠢᠴᠡ ᠣᠨᠴᠠᠯᠢᠭ ᠲᠠᠢ ᠦᠨᠳᠦᠰᠦᠳᠡᠨ ᠤ ᠵᠠᠩ ᠦᠢᠯᠡ ᠶᠢᠨ ᠲᠠᠶᠢᠯᠤᠮᠵᠢ ᠬᠢᠵᠦ᠂ ᠦᠵᠦᠮᠦᠴᠢᠨ ᠤ ᠲᠠᠯ᠎ᠠ ᠨᠤᠲᠤᠭ ᠤᠨ ᠪᠠᠶᠢᠭᠠᠯᠢ ᠶᠢᠨ ᠦᠵᠡᠮᠵᠢ ᠪᠣᠯᠣᠨ ᠰᠣᠶᠣᠯ ᠤᠨ ᠠᠭᠤᠯᠬᠤᠨ ᠢ ᠪᠦᠬᠦ ᠲᠠᠯ᠎ᠠ  ᠪᠠᠷ᠂ ᠤᠯᠠᠨ ᠬᠠᠷᠠᠭᠠᠰᠤ ᠠᠴᠠ ᠳᠡᠯᠭᠡᠨ ᠦᠵᠡᠭᠦᠯᠵᠦ᠂ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠳᠤᠭ  ᠤᠨ ᠵᠢᠭᠤᠯᠴᠢᠯᠠᠯ ᠤᠨ ᠦᠵᠡᠮᠵᠢ ᠶᠢᠨ ᠤᠷᠤᠨ᠂ ᠵᠠᠮ ᠰᠤᠭᠤᠮ ᠢᠶᠠᠨ ᠨᠠᠷᠢᠯᠢᠭ ᠲᠠᠨᠢᠯᠴᠠᠭᠤᠯᠵᠤ᠂ ᠲᠢᠶᠠᠨᠵᠢᠨ ᠤ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠲᠥᠯᠥᠭᠡᠯᠡᠭᠴᠢ ᠵᠢᠴᠢ ᠠᠵᠢᠯ ᠲᠥᠷᠥᠯ ᠤᠨ ᠲᠤᠰᠬᠠᠢ ᠮᠡᠷᠭᠡᠵᠢᠯᠳᠡᠳ ᠲᠠᠢ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠵᠠᠬ᠎ᠠ ᠳᠡᠯᠭᠡᠭᠦᠷ ᠢ ᠵᠣᠯᠭᠠᠭᠤᠯᠬᠤ ᠪᠠ ᠠᠵᠤ ᠦᠢᠯᠡᠰ ᠢ ᠲᠠᠰ ᠳᠡᠪᠰᠢᠭᠦᠯᠬᠦ ᠲᠠᠯ᠎ᠠ ᠪᠠᠷ ᠭᠦᠨᠵᠡᠭᠡᠢ ᠶᠠᠷᠢᠯᠴᠠᠪᠠ᠃ ᠡᠭᠦᠨ ᠤ ᠬᠠᠮᠳᠤ᠂ ᠰᠣᠶᠣᠯ ᠤᠨ ᠡᠭᠦᠳᠦᠯᠲᠡ ᠶᠢᠨ ᠦᠵᠡᠭᠦᠯᠭᠡ ᠬᠢᠵᠦ᠂ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠪᠣᠯᠣᠨ ᠲᠠᠯ᠎ᠠ ᠨᠤᠲᠤᠭ ᠤᠨ ᠴᠡᠪᠡᠷ ᠪᠠᠶᠢᠭᠠᠯᠢᠯᠢᠭ ᠢᠳᠡᠭᠡᠨ ᠤ ᠭᠠᠷᠤᠯᠲᠠ ᠪᠠᠨ ᠲᠡᠯᠭᠡᠨ ᠲᠠᠨᠢᠯᠴᠠᠭᠤᠯᠪᠠ᠃ ᠲᠤᠰ ᠤᠳᠠᠭᠠᠨ ᠤ ᠴᠤᠭᠯᠠᠭᠠᠨ ᠳᠤ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠳᠤᠭ ᠤᠨ ᠰᠤᠶᠤᠯ ᠵᠢᠭᠤᠯᠴᠢᠯᠠᠯ ᠤᠨ ᠪᠦᠳᠦᠭᠡᠭᠳᠡᠭᠦᠨ ᠨᠢ ᠲᠢᠶᠠᠠᠵᠢᠨ ᠬᠤᠳᠠ ᠶᠢᠨ ᠡᠯ᠎ᠡ ᠲᠤᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠦᠴᠢᠷ ᠪᠤᠯᠤᠨ ᠰᠤᠶᠤᠯ ᠵᠢᠭᠤᠯᠴᠢᠯᠠᠯ ᠤᠨ ᠠᠵᠤ ᠠᠬᠤᠶᠢᠯᠠᠯ ᠤᠨ ᠠᠩᠬᠠᠷᠤᠯ ᠢ ᠮᠠᠰᠢ ᠲᠠᠳᠠᠵᠦ᠂ ᠨᠡᠩ ᠴᠦ ᠲᠤᠰ ᠤᠳᠠᠭᠠᠨ ᠤ ᠭᠤᠤᠯᠳᠠᠯᠭ᠎ᠠ ᠲᠠᠢ ᠲᠠᠨᠢᠯᠴᠠᠭᠤᠯᠤᠭᠰᠠᠨ ᠲᠠᠯ᠎ᠠ ᠨᠤᠳᠤᠭ ︽99 ᠨᠤᠮᠧᠷᠳᠤ ᠠᠶᠠᠯᠠᠯ ᠤᠨ ᠵᠠᠮ︾ ᠵᠢᠭᠤᠯᠴᠢᠯᠠᠯ ᠤᠨ ᠰᠢᠨ᠎ᠡ ᠪᠦᠲᠦᠭᠡᠭᠳᠡᠬᠦᠨ ᠳᠤ ᠮᠠᠰᠢ ᠰᠣᠨᠢᠷᠬᠠᠯ ᠲᠠᠢ ᠪᠠᠶᠢᠯ᠎ᠠ᠃ ᠲᠢᠶᠠᠨᠵᠢᠨ ᠬᠤᠲᠠ ᠶᠢᠨ ᠵᠢᠭᠤᠯᠴᠢᠯᠠᠯ ᠤᠨ ᠦᠢᠯᠡᠰ ᠤᠨ ᠬᠤᠳᠠᠯᠳᠤᠭᠠᠨ ᠤ ᠡᠪᠯᠡᠯ ᠤᠨ ᠳᠠᠷᠤᠭ᠎ᠠ ᠯᠢ ᠱᠦ ᠰᠧᠨ᠄ ︽ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠳᠤᠭ ᠤᠨ ᠰᠤᠶᠤᠯ ᠵᠢᠭᠤᠯᠴᠢᠯᠠᠯ ᠤᠯᠠᠨ ᠤ ᠠᠩᠬᠠᠷᠤᠯ ᠢ ᠮᠠᠰᠢ ᠲᠠᠳᠠᠵᠦ ᠪᠠᠶᠢᠨ᠎ᠠ᠂ ᠲᠠᠷᠠᠭᠠᠴᠢ ᠪᠠᠷ ᠬᠠᠮᠢᠶ᠎ᠠ ᠪᠦᠬᠦᠢ ᠠᠵᠢᠯ ᠤᠨ ᠲᠠᠯ᠎ᠠ ᠪᠠᠷ ᠦᠷᠭᠦᠯᠵᠢᠯᠡᠨ ᠶᠠᠷᠢᠯᠴᠠᠨ᠎ᠠ᠃ ᠲᠠᠯ᠎ᠠ ᠨᠤᠳᠤᠭ ᠤᠨ〈99 ᠨᠤᠮᠧᠷᠳᠤ ᠠᠶᠠᠯᠠᠯ ᠤᠨ ᠵᠠᠮ 〉 ᠢᠶᠠᠷ ᠲᠤᠭᠤᠷᠢᠨ ᠵᠤᠭᠠᠴᠠᠬᠤ ᠪᠠᠷ ᠬᠦᠷᠬᠦ ᠪᠤᠯᠤᠨ᠎ᠠ︾ ᠭᠡᠵᠦ ᠶᠠᠷᠢᠨ᠎ᠠ᠃
   
   ᠲᠣᠰ ᠤᠳᠠᠭ᠎ᠠ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠨᠢ ︽ᠲᠠᠯ᠎ᠠ ᠨᠤᠲᠤᠭ + ᠬᠤᠲᠠ︾ ᠪᠠᠷ ᠬᠤᠯᠪᠣᠭᠠᠰᠤ ᠪᠣᠯᠭᠠᠵᠤ᠂ ᠤᠷᠠᠯᠢᠭ ᠤᠨ ᠲᠣᠭᠯᠠᠯᠲᠠ᠂ ᠵᠠᠮ ᠱᠤᠭᠤᠮ ᠤᠨ ᠲᠠᠨᠢᠯᠴᠠᠭᠤᠯᠭ᠎ᠠ᠂ ᠰᠢᠨ᠎ᠡ ᠪᠦᠲᠦᠭᠡᠭᠳᠡᠬᠦᠨ ᠨᠡᠶᠢᠲᠡᠯᠡᠬᠦ ᠵᠢᠴᠢ ᠪᠤᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠵᠡᠷᠭᠡ ᠲᠦᠷᠪᠡᠨ ᠠᠭᠤᠯᠭ᠎ᠠ ᠪᠠᠷ ᠶᠠᠪᠤᠠᠠᠳᠠᠭᠤᠯᠵᠤ᠂ ᠬᠤᠪᠢ ᠶᠢᠨ ᠮᠠᠰᠢᠨ ᠤ ᠵᠤᠭᠠᠴᠠᠯ᠂ ᠠᠮᠢ ᠠᠬᠤᠢ  ᠶᠢᠨ ᠵᠤᠭᠠᠴᠠᠯ᠂ ᠰᠣᠶᠣᠯ ᠤᠨ ᠵᠢᠭᠤᠯᠴᠢᠯᠠᠯ ᠵᠡᠷᠭᠡ ᠤᠯᠠᠨ ᠬᠡᠯᠪᠡᠷᠢ ᠶᠢ ᠬᠠᠮᠤᠷᠴᠤ᠂ ᠲᠢᠶᠠᠨᠵᠢᠨ ᠬᠤᠲᠠ ᠶᠢᠨ ᠠᠷᠠᠳ ᠵᠢᠴᠢ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠳᠤ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠤᠨ ᠠᠬᠤᠢ ᠪᠠᠶᠢᠳᠠᠯ ᠢ ᠳᠡᠯᠭᠡᠨ ᠦᠵᠡᠭᠦᠯᠵᠦ ᠬᠤᠶᠠᠷ ᠭᠠᠵᠠᠷ ᠤᠷᠤᠨ ᠤ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠨᠡᠭᠡᠭᠡᠪᠡ᠃ ᠴᠤᠭᠯᠠᠭᠠᠨ ᠳᠤ ᠲᠢᠶᠠᠨᠵᠢᠨ ᠬᠤᠳᠠ ᠶᠢᠨ 150 ᠭᠠᠷᠤᠢ ᠰᠣᠶᠣᠯ ᠵᠢᠭᠤᠯᠴᠢᠯᠠᠯ ᠤᠨ ᠺᠤᠮᠫᠠᠨᠢ ᠶᠢᠨ ᠲᠦᠯᠦᠭᠡᠯᠡᠭᠴᠢ ᠤᠷᠤᠯᠴᠠᠵᠦ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠠᠵᠢᠯ ᠦᠢᠯᠡᠰ  ᠤᠨ ᠬᠦᠭᠵᠢᠭᠦᠯᠦᠯᠲᠡ ᠶᠢᠨ ᠲᠥᠪ᠂ ᠦᠢᠯᠡᠰ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠨᠢ ᠮᠦᠭᠳᠡᠨ ᠬᠤᠳᠠ ᠶᠢᠨ ᠲᠡᠮᠦᠷ ᠵᠠᠮ ᠤᠨ ᠰᠣᠶᠣᠯ ᠵᠢᠭᠤᠯᠴᠢᠯᠠᠯ ᠤᠨ ᠪᠦᠯᠦᠭᠯᠡᠯ᠂ ᠲᠢᠶᠠᠨᠵᠢᠨ ᠬᠤᠲᠠ ᠶᠢᠨ ᠵᠢᠭᠤᠯᠴᠢᠯᠠᠯ ᠤᠨ ᠦᠢᠯᠡᠰ ᠤᠨ ᠬᠤᠳᠠᠯᠳᠤᠭᠠᠨ ᠤ ᠡᠪᠯᠡᠯ᠂ ᠲᠢᠶᠠᠨᠵᠢᠨ ᠬᠤᠲᠠ ᠶᠢᠨ ᠶᠢᠦ ᠲᠤ ᠤᠯᠠᠨ ᠤᠯᠤᠰ ᠤᠨ ᠵᠢᠭᠤᠯᠴᠢᠯᠠᠯ  ᠂ ᠿᠢ ᠵᠤᠤ ᠳ᠋ᠠ ᠳ᠋ᠢ ᠤᠯᠠᠨ ᠤᠯᠤᠰ ᠤᠨ ᠵᠢᠭᠤᠯᠴᠢᠯᠠᠯ ᠤᠨ ᠺᠣᠮᠫᠠᠨᠢ ᠶᠢᠨ ᠲᠥᠯᠥᠭᠡᠯᠡᠭᠴᠢ ᠲᠠᠢ ᠬᠠᠮᠲᠤᠷᠠᠯᠴᠠᠭᠠᠨ ᠤ ᠵᠥᠪᠯᠡᠯᠴᠡᠭᠡᠷ ᠲᠤᠭᠳᠠᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号