ᠣᠶᠢᠷ᠎ᠠ ᠶᠢᠨ ᠡᠳᠦᠷ᠂ ᠰᠤᠷᠪᠤᠯᠵᠢᠯᠠᠭᠴᠢ ᠪᠠᠷᠠᠭᠤᠨ ᠦᠵᠦᠮᠦᠴᠢᠨ ᠬᠤᠰᠢᠭᠤᠨ ᠤ ︽12345︾ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤᠨ ᠤ ᠠᠵᠢᠯ ᠤᠨ ᠥᠷᠲᠡᠭᠡᠨ ᠳᠤ ᠬᠦᠷᠬᠦ ᠳᠤ᠂ | ᠠᠷᠠᠳ ᠤᠨ ᠲᠥᠯᠥᠭᠡᠯᠡᠭᠴᠢ ᠵᠠᠩ ᠰᠢᠶᠣᠣ ᠮᠧᠢ᠄ ︽ᠲᠠ ᠰᠠᠶᠢᠨ ᠦᠦ᠂ ᠪᠢ ᠪᠣᠯ ᠬᠤᠰᠢᠭᠤ ᠠᠷᠠᠳ ᠤᠨ ᠲᠥᠯᠥᠭᠡᠯᠡᠭᠴᠢ᠂ | ᠲᠠ ᠶᠠᠮᠠᠷ ᠬᠦᠰᠡᠯ ᠱᠠᠭᠠᠷᠳᠠᠯᠭ᠎ᠠ ᠲᠠᠢ ᠪᠣᠶ︖︾ ᠬᠡᠮᠡᠨ ᠤᠲᠠᠰᠤ ᠨᠢᠭᠡᠪᠦᠷᠢ ᠶᠢ ᠲᠣᠰᠬᠤ ᠳᠠᠭᠠᠨ ᠳᠣᠲᠣᠨᠣ ᠪᠠᠷ | ᠠᠰᠠᠭᠤᠨ ᠯᠠᠪᠯᠠᠵᠤ᠂ ᠤᠯᠠᠨ ᠲᠦᠮᠡᠨ ᠤ ᠲᠤᠰᠬᠠᠭᠰᠠᠨ ᠵᠦᠢᠯ ᠢ ᠨᠠᠷᠢᠨ ᠬᠢᠨᠠᠮᠠᠭᠠᠢ ᠰᠣᠨᠣᠰᠤᠨ᠂ ᠭᠤᠣᠯᠳᠠᠯᠭ᠎ᠠ ᠶᠢ ᠨᠢ | ᠲᠡᠮᠳᠡᠭᠯᠡᠨ ᠨᠢᠮᠪᠠᠢ ᠠᠵᠢᠯᠯᠠᠵᠤ ᠪᠠᠶᠢᠯ᠎ᠠ᠃ | ᠪᠦᠬᠦ ᠠᠶᠢᠮᠠᠭ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ︽12345︾ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠤᠲᠠᠰᠤᠨ ᠤ ᠦᠢᠯᠡᠴᠢᠯᠡᠭᠡᠨ ᠤ ᠠᠵᠢᠯ ᠳᠤ ᠣᠷᠣᠯᠴᠠᠵᠤ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠪᠠᠶᠢᠩᠭᠤ ᠶᠢᠨ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠠᠷᠠᠳ ᠤᠨ ᠲᠥᠯᠥᠭᠡᠯᠡᠭᠴᠢ ᠶᠢᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠶᠢ | ᠦᠨᠡᠨᠬᠦ ᠪᠠᠳᠠᠷᠠᠭᠤᠯᠤᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠬᠤ ᠠᠷᠭ᠎ᠠ ᠵᠠᠮ ᠢ ᠥᠷᠭᠡᠳᠬᠡᠵᠦ᠂ | ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ | ᠠᠷᠠᠳ ᠤᠨ ᠲᠥᠯᠥᠭᠡᠯᠡᠭᠴᠢᠳ ︿12345﹀ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠭᠦᠮ | ᠦᠵᠡᠭᠦᠯᠬᠦ ᠠᠵᠢᠯᠯᠠᠭ᠎ᠠ ᠶᠢ ᠥᠷᠨᠢᠭᠦᠯᠬᠦ ᠠᠵᠢᠯ ᠤᠨ ᠲᠥᠰᠥᠯ︾ ᠤᠨ ᠱᠠᠭᠠᠷᠳᠠᠯᠭ᠎ᠠ ᠶᠣᠰᠣᠭᠠᠷ᠂ ᠠᠷᠠᠳ ᠤᠨ | ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ | ᠲᠦᠭᠦᠮ ᠦᠵᠡᠭᠦᠯᠬᠦ ᠠᠵᠢᠯ ᠤᠨ ᠥᠷᠲᠡᠭᠡᠨ ᠤ ᠦᠢᠯᠡᠴᠢᠯᠡᠭᠡᠨ ᠳᠤ ᠣᠷᠣᠯᠴᠠᠭᠤᠯᠵᠠᠢ᠃ | ᠲᠣᠰ ᠤᠳᠠᠭᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯᠯᠠᠭ᠎ᠠ ᠨᠢ ᠨᠡᠶᠢᠭᠡᠮ ᠤᠨ ᠬᠠᠮᠢᠶᠠᠷᠤᠯᠲᠠ᠂ | ᠦᠨᠳᠦᠰᠦᠨ ᠱᠠᠲᠤᠨ ᠤ ᠵᠠᠰᠠᠯᠲᠠ᠂ ᠡᠵᠡᠩᠨᠡᠯᠲᠡ ᠶᠢᠨ ᠣᠷᠴᠢᠨ ᠨᠥᠬᠦᠴᠡᠯ᠂ ᠠᠷᠠᠳ ᠤᠨ ᠠᠮᠢᠳᠤᠷᠠᠯ ᠤᠨ ᠪᠠᠲᠤᠯᠠᠭ᠎ᠠ | ᠵᠡᠷᠭᠡ ᠨᠡᠶᠢᠭᠡᠮ ᠤᠨ ᠠᠮᠢᠳᠤᠷᠠᠯ ᠤᠨ ᠡᠯ᠎ᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠡᠢ᠃ ᠵᠠᠩ ᠰᠢᠶᠣᠣ ᠮᠧᠶ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠤᠲᠠᠰᠤᠨ ᠤ ᠬᠢᠨᠠᠯᠲᠠ ᠲᠠᠯᠪᠢᠭᠴᠢ ᠪᠣᠯᠤᠭᠰᠠᠨ ᠤ ᠬᠤᠪᠢ ᠳᠤ᠂ ᠬᠠᠷᠢᠭᠤᠴᠠᠯᠭ᠎ᠠ ᠪᠠᠨ | ᠲᠣᠳᠣᠷᠠᠬᠠᠢ ᠣᠶᠢᠯᠠᠭᠠᠵᠤ ᠪᠠᠶᠢᠯ᠎ᠠ᠃ ᠲᠡᠷᠡ ᠡᠩ ᠲᠡᠷᠢᠭᠦᠨ ᠳᠤ ᠣᠶᠢᠷ᠎ᠠ ᠶᠢᠨ ᠬᠤᠭᠤᠴᠠᠭᠠᠨ ᠤ ᠠᠵᠢᠯ ᠤᠨ ᠲᠡᠮᠳᠡᠭᠯᠡᠯ ᠢ | ᠯᠠᠪᠯᠠᠨ ᠦᠵᠡᠵᠦ᠂ ᠤᠲᠠᠰᠤ ᠲᠣᠰᠬᠤ ᠳᠤ ᠠᠰᠠᠭᠤᠨ ᠯᠠᠪᠯᠠᠬᠤ ᠴᠢᠬᠤᠯᠠᠲᠠᠢ ᠨᠠᠷᠢᠨ ᠵᠦᠢᠯᠡᠰ ᠢ ᠠᠩᠬᠠᠷᠴᠤ᠂ ᠲᠤᠰᠬᠠᠭᠰᠠᠨ | ᠠᠰᠠᠭᠤᠳᠠᠯ ᠢ ᠰᠢᠢᠳᠪᠦᠷᠢᠯᠡᠬᠦ ᠲᠣᠭᠲᠠᠴᠠ ᠶᠢᠨ ᠡᠯ᠎ᠡ ᠭᠤᠭᠴᠤᠭ᠎ᠠ ᠶᠢ ᠪᠦᠬᠦ ᠲᠠᠯ᠎ᠠ ᠪᠠᠷ ᠡᠮᠬᠢᠯᠡᠨ᠂ ᠬᠠᠮᠲᠤ ᠠᠵᠢᠯᠲᠠᠳ | ᠲᠠᠢ ᠪᠠᠨ ᠰᠠᠨᠠᠯ ᠢᠶᠠᠨ ᠰᠣᠯᠢᠯᠴᠠᠨ ᠶᠠᠷᠢᠯᠴᠠᠵᠤ᠂ ᠠᠰᠠᠭᠤᠳᠠᠯ ᠳᠤ ᠴᠢᠭᠯᠡᠭᠦᠯᠦᠭᠰᠡᠨ ᠬᠠᠨᠳᠤᠯᠭᠠᠲᠤ ᠴᠢᠨᠠᠷ ᠪᠠ | ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠰᠠᠨᠠᠭᠤᠯᠭ᠎ᠠ ᠳᠤᠷᠠᠳᠴᠠᠢ᠃ | ᠤᠲᠠᠰᠤ ᠪᠠᠷ ᠲᠤᠰᠬᠠᠭᠰᠠᠨ ᠣᠯᠠᠨ ᠬᠦᠰᠡᠯ ᠱᠠᠭᠠᠷᠳᠠᠯᠭ᠎ᠠ ᠳᠤᠮᠳᠠ ᠠᠴᠠ ᠪᠠᠷᠠᠭᠤᠨ ᠦᠵᠦᠮᠦᠴᠢᠨ ᠬᠤᠰᠢᠭᠤᠨ ᠤ | ᠰᠢᠨ ᠸᠧᠢ ᠰᠠᠭᠤᠭᠠᠯᠢ ᠲᠣᠭᠤᠷᠢᠭ ᠤᠨ 3 ᠳ᠋ᠤᠭᠠᠷ ᠠᠰᠠᠷ ᠤᠨ ᠣᠷᠣᠢ ᠶᠢᠨ ᠠᠮᠤᠷ ᠲᠦᠪᠰᠢᠨ ᠤ ᠬᠡᠮ ᠰᠣᠭᠤᠭ ᠤᠨ | ᠠᠰᠠᠭᠤᠳᠠᠯ ᠨᠢ ᠵᠠᠩ ᠰᠢᠶᠣᠣ ᠮᠧᠶ ᠶᠢᠨ ᠠᠩᠬᠠᠷᠤᠯ ᠢ ᠲᠠᠲᠠᠪᠠ᠃ ᠠᠰᠠᠷ ᠨᠢ ᠤᠳᠠᠭᠠᠨ ᠵᠢᠯ ᠤᠨ ᠰᠠᠯᠬᠢ ᠪᠣᠷᠣᠭᠠᠨ ᠵᠡᠷᠭᠡ | ᠭᠠᠳᠠᠭᠠᠳᠤ ᠬᠦᠴᠦᠨ ᠤ ᠨᠥᠯᠥᠭᠡ ᠠᠴᠠ ᠪᠣᠯᠵᠤ᠂ ᠣᠷᠣᠢ ᠳᠡᠭᠡᠷᠡᠬᠢ ᠬᠡᠷᠡᠮ ᠬᠠᠨ᠎ᠠ ᠨᠢ ᠠᠩ ᠴᠠᠪᠠ ᠭᠠᠷᠤᠭᠰᠠᠨ ᠪᠠᠶᠢᠵᠤ᠂ | ᠠᠮᠤᠷ ᠲᠦᠪᠰᠢᠨ ᠤ ᠭᠡᠮ ᠰᠣᠭᠤᠭ ᠲᠠᠢ ᠪᠣᠯᠣᠭᠰᠠᠨ ᠪᠠᠶᠢᠨ᠎ᠠ᠃ ᠰᠠᠭᠤᠭᠠᠯᠢ ᠠᠷᠠᠳ ︽12345︾ ᠤᠲᠠᠰᠤ ᠪᠠᠷ | ᠳᠠᠮᠵᠢᠭᠤᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠦᠷᠭᠡᠬᠡᠨ ᠰᠢᠢᠳᠪᠦᠷᠢᠯᠡᠬᠦ ᠶᠢ ᠬᠦᠰᠡᠭᠰᠡᠨ ᠪᠠᠶᠢᠨ᠎ᠠ᠃ | ᠵᠠᠩ ᠰᠢᠶᠣᠣ ᠮᠧᠶ ᠳᠠᠷᠤᠶᠢᠬᠠᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠨᠡᠶᠢᠭᠡᠮ | ᠲᠣᠭᠤᠷᠢᠭ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠷᠢᠯᠴᠠᠵᠤ᠂ ᠠᠰᠠᠭᠤᠳᠠᠯ ᠢ ᠲᠤᠰᠬᠠᠪᠠ᠃ ᠲᠡᠷᠡ ᠪᠠᠰᠠ | ᠰᠠᠭᠤᠭᠠᠯᠢ ᠲᠣᠭᠤᠷᠢᠭ ᠲᠤ ᠬᠦᠷᠴᠦ ᠪᠣᠳᠠᠲᠤ ᠪᠠᠶᠢᠳᠠᠯ ᠢ ᠪᠠᠶᠢᠴᠠᠭᠠᠨ ᠦᠵᠡᠵᠦ᠂ ᠰᠠᠭᠤᠭᠠᠯᠢ ᠠᠷᠠᠳ ᠠᠴᠠ ᠪᠣᠳᠠᠲᠠᠢ | ᠠᠰᠠᠭᠤᠳᠠᠯ ᠢ ᠤᠯᠠᠮ ᠭᠦᠨᠵᠡᠭᠡᠢ ᠣᠶᠢᠯᠠᠭᠠᠪᠠ᠃ ᠠᠵᠢᠯᠯᠠᠬᠤ ᠥᠷᠲᠡᠭᠡᠨ ᠳᠡᠭᠡᠨ ᠬᠠᠷᠢᠭᠰᠠᠨ ᠤ ᠲᠠᠷᠠᠭ᠎ᠠ᠂ ᠲᠡᠷᠡ | ᠦᠷᠭᠦᠯᠵᠢᠯᠡᠨ ᠬᠠᠮᠢᠶ᠎ᠠ ᠪᠦᠬᠦᠢ ᠨᠢᠭᠡᠴᠡ ᠲᠠᠢ ᠬᠠᠷᠢᠯᠴᠠᠨ ᠰᠢᠢᠳᠪᠦᠷᠢᠯᠡᠬᠦ ᠠᠬᠢᠴᠠ ᠶᠢ ᠲᠦᠷᠭᠡᠳᠬᠡᠵᠦ᠂ ᠠᠰᠠᠭᠤᠳᠠᠯ ᠢ | ᠵᠣᠬᠢᠰᠲᠠᠢ ᠰᠢᠢᠳᠪᠦᠷᠢᠯᠡᠬᠦ ᠶᠢ ᠪᠠᠲᠤᠯᠠᠵᠠᠢ᠃ | ᠣᠶᠢᠯᠠᠭᠠᠭᠰᠠᠨ ᠢᠶᠠᠷ᠂ ᠣᠯᠠᠨ ᠲᠦᠮᠡᠨ ᠤ ᠤᠲᠠᠰᠤ ᠪᠠᠷ ᠲᠤᠰᠬᠠᠭᠰᠠᠨ ᠠᠰᠠᠭᠤᠳᠠᠯ ᠨᠢ ᠠᠳᠠᠯ ᠠᠬᠤᠢ ᠶᠢᠨ | ᠬᠠᠮᠢᠶᠠᠷᠤᠯᠲᠠ ᠶᠢᠨ ᠲᠠᠯ᠎ᠠ ᠪᠠᠷ ᠬᠢ ᠪᠣᠬᠢᠷ ᠤᠰᠤ ᠯᠡᠪᠡᠷᠡᠬᠦ᠂ ᠵᠠᠮ ᠵᠠᠰᠠᠬᠤ ᠵᠡᠷᠭᠡ ᠲᠠᠯ᠎ᠠ ᠳᠤ ᠬᠠᠷᠢᠴᠠᠩᠭᠤᠢ ᠲᠥᠪᠯᠡᠷᠡᠵᠦ | ᠪᠠᠶᠢᠨ᠎ᠠ᠃ ᠠᠷᠠᠳ ᠤᠨ ᠲᠥᠯᠥᠭᠡᠯᠡᠭᠴᠢᠳ ᠦᠢᠯᠡᠴᠢᠯᠡᠭᠡᠨ ᠤ ᠤᠲᠠᠰᠤᠨ ᠤ ᠲᠠᠪᠴᠠᠩ ᠢ ᠭᠦᠢᠴᠡᠳ ᠠᠰᠢᠭᠯᠠᠵᠤ᠂ ᠡᠳᠡᠭᠡᠷ | ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠭᠦᠨᠵᠡᠭᠡᠢ ᠵᠠᠳᠠᠯᠤᠯᠲᠠ ᠬᠢᠵᠡᠢ᠃ ᠲᠡᠳᠡ ᠤᠯᠠᠨ ᠲᠦᠮᠡᠨ ᠤ ᠬᠦᠰᠡᠯ | ᠱᠠᠭᠠᠷᠳᠠᠯᠭ᠎ᠠ ᠶᠢ ᠨᠠᠷᠢᠨ ᠨᠢᠮᠪᠠᠢ ᠬᠦᠯᠢᠶᠡᠨ ᠠᠪᠤᠭᠰᠠᠨ ᠢᠶᠠᠷ ᠪᠠᠷᠠᠬᠤ ᠦᠭᠡᠢ ᠪᠠᠰᠠ ᠲᠤᠬᠠᠢ ᠶᠢᠨ ᠭᠠᠵᠠᠷ ᠲᠤᠨᠢ ᠬᠦᠷᠴᠦ | ᠪᠠᠶᠢᠴᠠᠭᠠᠨ ᠰᠤᠳᠤᠯᠤᠯᠲᠠ ᠬᠢᠬᠦ ᠠᠵᠢᠯ ᠢ ᠢᠳᠡᠪᠬᠢᠲᠡᠢ ᠥᠷᠨᠢᠭᠦᠯᠵᠦ᠂ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ | ᠬᠤᠷᠢᠶᠠᠵᠤ᠂ ᠳᠠᠬᠢᠨ ᠴᠢᠨᠠᠷ ᠰᠠᠶᠢᠲᠠᠢ ᠲᠥᠯᠥᠭᠡᠯᠡᠭᠴᠢ ᠶᠢᠨ ᠰᠠᠨᠠᠭᠤᠯᠭ᠎ᠠ ᠳᠤᠷᠠᠳᠴᠠᠢ᠃ ᠪᠣᠳᠠᠲᠠᠢ ᠠᠰᠠᠭᠤᠳᠠᠯ ᠢ | ᠰᠢᠢᠳᠪᠦᠷᠢᠯᠡᠬᠦ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠨᠡᠶᠢᠲᠡᠯᠢᠭ ᠴᠢᠨᠠᠷᠲᠠᠢ ᠠᠰᠠᠭᠤᠳᠠᠯ ᠢ ᠰᠢᠢᠳᠪᠦᠷᠢᠯᠡᠬᠦ ᠶᠢ | ᠠᠬᠢᠭᠤᠯᠤᠨ᠂ ︽ᠴᠡᠭ ᠤᠨ ᠰᠢᠪᠲᠤᠯᠤᠯᠲᠠ︾ ᠠᠴᠠ ︽ᠪᠥᠬᠦ ᠲᠠᠯ᠎ᠠ ᠶᠢᠨ ᠳᠡᠭᠡᠭᠰᠢᠯᠡᠯᠲᠡ︾ ᠶᠢ ᠪᠡᠶᠡᠯᠡᠭᠦᠯᠵᠦ᠂ ᠵᠠᠰᠠᠭ | ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠦᠨᠡᠨᠬᠦ ᠴᠢᠩᠭᠠᠷᠠᠭᠤᠯᠤᠭᠰᠠᠨ ᠪᠠᠶᠢᠨ᠎ᠠ᠃ | ᠠᠷᠠᠳ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ︽12345︾ ᠦᠢᠯᠡᠴᠢᠯᠡᠭᠡᠨ ᠤ ᠤᠲᠠᠰᠤᠨ ᠤ | ᠠᠵᠢᠯ ᠳᠤ ᠣᠷᠣᠯᠴᠠᠭᠤᠯᠵᠤ᠂ ᠲᠥᠯᠥᠭᠡᠯᠡᠭᠴᠢᠳ ᠢ ᠬᠥᠲᠥᠯᠥᠨ ᠵᠢᠯᠣᠭᠤᠳᠴᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠤᠲᠠᠰᠤᠨ ᠤ ᠬᠢᠨᠠᠯᠲᠠ ᠲᠠᠯᠪᠢᠭᠴᠢ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠬᠤᠷᠢᠶᠠᠨ ᠴᠤᠭᠯᠠᠭᠤᠯᠤᠭᠴᠢ᠂ | ᠬᠦᠴᠢᠷ ᠲᠦᠪᠡᠭᠲᠡᠢ ᠠᠵᠢᠯ ᠢ ᠱᠠᠭᠠᠷᠳᠠᠨ ᠰᠢᠢᠳᠪᠦᠷᠢᠯᠡᠭᠦᠯᠦᠭᠴᠢ ᠪᠣᠯᠭᠠᠬᠤ ᠪᠣᠯ ᠪᠠᠷᠠᠭᠤᠨ ᠦᠵᠦᠮᠦᠴᠢᠨ ᠬᠤᠰᠢᠭᠤᠨ ᠤ | ᠪᠥᠬᠦ ᠠᠶᠢᠮᠠᠭ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠬᠦ | ᠠᠵᠢᠯᠯᠠᠭ᠎ᠠ ᠶᠢ ᠨᠠᠶᠢᠳᠠᠪᠤᠷᠢᠵᠢᠭᠤᠯᠬᠤ ᠰᠢᠨ᠎ᠡ ᠦᠢᠯᠡᠳᠦᠯᠭᠡ ᠮᠥᠨ᠂ ᠪᠠᠰᠠ ᠴᠤ ᠠᠷᠠᠳᠴᠢᠯᠠᠯ ᠤᠨ ᠣᠶᠢᠯᠠᠭᠠᠭᠳᠠᠬᠤᠨ ᠤ | ᠦᠨᠳᠦᠰᠦᠨ ᠱᠠᠲᠤᠨ ᠤ ᠵᠠᠰᠠᠯᠲᠠ ᠳᠠᠬᠢ ᠠᠮᠢᠳᠤᠯᠢᠭ ᠢᠯᠡᠷᠡᠯ ᠮᠥᠨ᠃ ᠠᠷᠠᠳ ᠤᠨ ᠲᠥᠯᠥᠭᠡᠯᠡᠭᠴᠢᠳ ᠪᠣᠳᠠᠲᠤ | ᠠᠵᠢᠯᠯᠠᠭ᠎ᠠ ᠪᠠᠷ ᠢᠶᠠᠨ ᠵᠠᠰᠠᠭ ᠤᠨ ᠣᠷᠳᠣᠨ ᠪᠣᠯᠣᠨ ᠤᠯᠠᠨ ᠲᠦᠮᠡᠨ ᠤ ᠬᠤᠭᠤᠷᠣᠨᠳᠣᠬᠢ ᠬᠥᠭᠦᠷᠭᠡ ᠶᠢ ᠪᠣᠰᠬᠠᠵᠤ᠂ | ᠤᠯᠠᠨ ᠲᠦᠮᠡᠨ ᠤ ︽ᠪᠠᠴᠢᠮ ᠬᠦᠴᠢᠷ ᠵᠣᠪᠠᠭᠤᠷᠢ ᠲᠠᠢ︾ ᠠᠰᠠᠭᠤᠳᠠᠯ ᠢ ᠣᠨᠣᠪᠴᠢᠲᠠᠢ ᠪᠠᠷ ᠵᠠᠰᠠᠭ ᠤᠨ ᠣᠷᠳᠣᠨ ᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠠᠪᠬᠤᠷᠭ᠎ᠠ ᠳᠤ ᠳᠠᠮᠵᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠡᠩ | ᠬᠠᠯᠠᠭᠤᠮᠰᠤᠭ ᠮᠥᠷᠲᠡᠭᠡᠨ ᠪᠣᠳᠠᠲᠤ ᠦᠷ᠎ᠡ ᠪᠦᠲᠦᠮᠵᠢ ᠲᠠᠢ ᠪᠣᠯᠭᠠᠨ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ | ᠪᠣᠯᠣᠨ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠵᠡᠢ᠃ |