ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠣᠯᠣᠨ ᠬᠤᠭᠤᠯᠠ ᠤᠮᠳᠠ ᠶᠢᠨ ᠵᠠᠷᠤᠳᠠᠯ ᠤᠨ | ᠬᠠᠮᠢᠶᠠᠷᠤᠯᠲᠠ ᠶᠢᠨ ᠲᠣᠪᠣᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠬᠤ ᠶᠢᠨ ᠲᠥᠯᠥᠭᠡ᠂ | ᠪᠠᠷᠠᠭᠤᠨ ᠦᠵᠦᠮᠦᠴᠢᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠨᠢ ᠭᠡᠷ ᠪᠦᠯᠢ ᠪᠣᠯᠣᠨ ᠰᠤᠷᠭᠠᠭᠤᠯᠢ | ᠬᠠᠮᠵᠢᠯᠴᠠᠬᠤ ᠵᠠᠩᠭᠢᠯᠠᠭ᠎ᠠ ᠶᠢᠨ ᠴᠡᠭ ᠢ ᠲᠣᠭᠲᠠᠭᠠᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠠᠷ ᠭᠠᠷᠳᠠᠴᠠ | ᠪᠣᠯᠭᠠᠨ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠡᠢ᠃ ᠡᠭᠦᠨ ᠳᠤ᠂ ᠪᠠᠷᠠᠭᠤᠨ ᠦᠵᠦᠮᠦᠴᠢᠨ | ᠬᠤᠰᠢᠭᠤᠨ ᠤ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠡᠷ ᠤᠨ ᠠᠬᠠᠮᠠᠳ ᠤᠨ ᠬᠢᠨᠠᠯᠲᠠ | ᠲᠠᠯᠪᠢᠬᠤ ᠵᠥᠪᠯᠡᠯ ᠤᠨ ᠦᠢᠯᠡᠳᠦᠯᠭᠡ ᠶᠢᠨ ᠰᠦᠪᠡᠭᠴᠢᠯᠡᠯᠲᠡ ᠨᠢ ᠪᠥᠬᠦ ᠬᠤᠰᠢᠭᠤᠨ ᠤ ᠭᠡᠷ ᠪᠦᠯᠢ ᠰᠤᠷᠭᠠᠭᠤᠯᠢ ᠢᠳᠡᠭᠡᠨ | ᠤ ᠠᠮᠤᠷ ᠲᠦᠪᠰᠢᠨ ᠢ ᠬᠠᠮᠲᠤ ᠪᠠᠷ ᠪᠠᠲᠤᠯᠠᠬᠤ ᠠᠮᠢᠳᠤᠯᠢᠭ ᠵᠢᠱᠢᠶ᠎ᠡ ᠪᠣᠯᠤᠭᠰᠠᠨ ᠪᠠᠶᠢᠨ᠎ᠠ᠃ | ᠰᠤᠷᠪᠤᠯᠵᠢᠯᠠᠭᠴᠢ ᠰᠤᠷᠭᠠᠭᠤᠯᠢ ᠳᠤ ᠬᠦᠷᠬᠦ ᠳᠤ᠂ ᠭᠡᠷ ᠤᠨ ᠠᠬᠠᠮᠠᠳ ᠤᠨ ᠬᠢᠨᠠᠯᠲᠠ ᠲᠠᠯᠪᠢᠬᠤ ᠵᠥᠪᠯᠡᠯ ᠤᠨ ᠬᠢᠨ | ᠶᠠᠭ ︽ᠡᠭᠦᠷᠭᠡ ᠲᠤᠰᠢᠶᠠᠯ ᠢᠶᠠᠨ ᠭᠦᠢᠴᠡᠳᠬᠡᠵᠦ︾᠂ ᠲᠤᠬᠠᠢ ᠶᠢᠨ ᠡᠳᠦᠷ ᠤᠨ ᠬᠤᠳᠠᠯᠳᠤᠨ ᠠᠪᠤᠭᠰᠠᠨ ᠢᠳᠡᠭᠡᠨ ᠤ | ᠮᠠᠲ᠋ᠧᠷᠢᠶᠠᠯ ᠢ ᠨᠠᠷᠢᠨ ᠨᠢᠮᠪᠠᠢ ᠪᠠᠶᠢᠴᠠᠭᠠᠨ ᠰᠢᠯᠭᠠᠵᠤ᠂ ᠢᠳᠡᠰᠢᠨ ᠨᠣᠭᠤᠭᠠᠨ ᠤ ᠰᠢᠨ᠎ᠡ ᠰᠣᠷᠭᠤᠭ ᠡᠰᠡᠬᠦ ᠠᠴᠠ ᠮᠢᠬᠠᠨ ᠤ | ᠵᠦᠢᠯ ᠤᠨ ᠬᠢᠵᠢᠭ ᠤᠨ ᠪᠠᠶᠢᠴᠠᠭᠠᠯᠲᠠ ᠶᠢᠨ ᠭᠡᠷᠡᠴᠢᠯᠡᠯ ᠬᠦᠷᠲᠡᠯ᠎ᠡ ᠡᠯ᠎ᠡ ᠨᠠᠷᠢᠨ ᠵᠦᠢᠯᠡᠰ ᠢ ᠣᠷᠬᠢᠭᠳᠠᠭᠤᠯᠬᠤ ᠦᠭᠡᠢ | ᠪᠠᠶᠢᠴᠠᠭᠠᠵᠤ ᠪᠠᠶᠢᠯ᠎ᠠ᠃ ᠨᠢᠭᠡ ᠭᠡᠷ ᠤᠨ ᠠᠬᠠᠮᠠᠳ ᠤᠨ ᠲᠥᠯᠥᠭᠡᠯᠡᠭᠴᠢ᠄ ︽ᠥᠩᠭᠡᠷᠡᠭᠰᠡᠨ ᠳᠤ ᠬᠡᠦᠬᠡᠳ ᠤᠨ ᠬᠤᠭᠤᠯᠠ | ᠨᠢ ᠡᠷᠡᠭᠦᠯ ᠪᠤᠰᠤ ᠪᠠᠶᠢᠵᠤ ᠮᠠᠭᠠᠳ ᠭᠡᠵᠦ ᠠᠶᠤᠵᠤ ᠪᠠᠶᠢᠭᠰᠠᠨ᠂ ᠣᠳᠣ ᠥᠪᠡᠷ ᠢᠶᠠᠨ ᠲᠣᠭᠲᠠᠮᠠᠯ ᠬᠤᠭᠤᠴᠠᠭ᠎ᠠ ᠲᠠᠢ ᠪᠠᠷ | ᠪᠠᠶᠢᠴᠠᠭᠠᠯᠲᠠ ᠳᠤ ᠣᠷᠣᠯᠴᠠᠵᠤ᠂ ᠢᠳᠡᠭᠡᠨ ᠤ ᠮᠠᠲ᠋ᠧᠷᠢᠶᠠᠯ ᠨᠢ ᠰᠢᠨ᠎ᠡ ᠰᠣᠷᠭᠤᠭ᠂ ᠬᠤᠭᠤᠯᠠ ᠤᠮᠳᠠ ᠪᠡᠯᠡᠳᠬᠡᠬᠦ ᠶᠠᠪᠤᠴᠠ | ᠨᠢ ᠵᠢᠷᠦᠮᠵᠢᠭᠤᠨ ᠪᠠᠶᠢᠭ᠎ᠠ ᠶᠢ ᠦᠵᠡᠭᠡᠳ ᠰᠠᠨᠠᠭ᠎ᠠ ᠠᠮᠤᠷ ᠪᠣᠯᠵᠠᠢ︾ ᠭᠡᠯᠡ᠃ ᠰᠤᠷᠭᠠᠭᠤᠯᠢ ᠨᠤᠭᠤᠳ ᠨᠢ ᠪᠥᠬᠦ | ᠬᠤᠰᠢᠭᠤᠨ ᠤ ᠢᠳᠡᠭᠡᠨ ᠤ ᠠᠮᠤᠷ ᠲᠦᠪᠰᠢᠨ ᠢ ᠴᠡᠭᠴᠡᠯᠡᠨ ᠵᠠᠰᠠᠬᠤ ᠱᠠᠭᠠᠷᠳᠠᠯᠭ᠎ᠠ ᠶᠢ ᠢᠳᠡᠪᠬᠢᠲᠡᠢ ᠳᠠᠭᠠᠵᠤ᠂ ︽ᠢᠯᠡ︾ | ᠢᠨᠵᠧᠨᠧᠷᠢᠩ ᠢ ᠬᠡᠷᠡᠭᠵᠢᠭᠦᠯᠦᠨ᠂ ᠳᠦᠷᠰᠦ ᠰᠢᠩᠭᠡᠭᠡᠬᠦ ᠮᠠᠰᠢᠨ ᠪᠠ ᠦᠵᠡᠭᠦᠯᠦᠯᠭᠡ ᠶᠢᠨ ᠳᠡᠯᠭᠡᠴᠡ ᠪᠠᠷ ᠠᠷᠤ ᠲᠠᠯ᠎ᠠ ᠶᠢᠨ | ᠴᠡᠪᠡᠷᠯᠡᠬᠦ᠂ ᠪᠣᠯᠪᠠᠰᠤᠷᠠᠭᠤᠯᠬᠤ᠂ ᠬᠤᠭᠤᠯᠠ ᠬᠢᠬᠦ ᠵᠡᠷᠭᠡ ᠪᠥᠬᠦ ᠶᠠᠪᠤᠴᠠ ᠶᠢ ᠢᠯᠡ ᠪᠣᠯᠭᠠᠵᠤ᠂ ᠭᠡᠷ ᠤᠨ ᠠᠬᠠᠮᠠᠳ ᠪᠠ | ᠪᠠᠭᠰᠢ ᠰᠤᠷᠤᠭᠴᠢᠳ ᠴᠠᠭ ᠲᠤᠬᠠᠢ ᠳᠤᠨᠢ ᠬᠢᠨᠠᠯᠲᠠ ᠲᠠᠯᠪᠢᠵᠤ ᠪᠣᠯᠬᠤ ᠪᠣᠯᠪᠠ᠃ ᠡᠭᠦᠨ ᠤ ᠬᠠᠮᠲᠤ᠂ ᠢᠳᠡᠭᠡᠨ ᠤ | ᠮᠠᠲ᠋ᠧᠷᠢᠶᠠᠯ ᠬᠤᠳᠠᠯᠳᠤᠨ ᠠᠪᠬᠤ᠂ ᠬᠠᠳᠠᠭᠠᠯᠠᠬᠤ᠂ ᠡᠳ᠋ᠰᠢᠭᠦᠯᠬᠦ ᠪᠥᠬᠦ ᠶᠠᠪᠤᠴᠠ ᠶᠢᠨ ᠬᠠᠮᠢᠶᠠᠷᠤᠯᠲᠠ ᠶᠢ ᠴᠢᠩᠭ᠎ᠠ | ᠵᠢᠷᠤᠮᠵᠢᠭᠤᠯᠵᠤ᠂ ᠭᠡᠷ ᠤᠨ ᠠᠬᠠᠮᠠᠳ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠢᠳᠡᠭᠡᠨ ᠤ ᠠᠮᠤᠷ | ᠲᠦᠪᠰᠢᠨ ᠤ ᠪᠣᠯᠪᠠᠰᠤᠷᠠᠯ ᠳᠤ ᠣᠷᠣᠯᠴᠠᠭᠤᠯᠵᠤ᠂ ᠰᠠᠨᠠᠯ ᠢ ᠬᠠᠷᠢᠭᠤ ᠲᠤᠰᠬᠠᠬᠤ ᠳᠥᠭᠦᠮ ᠳᠥᠲᠡ ᠠᠷᠭ᠎ᠠ ᠵᠠᠮ ᠢ | ᠪᠠᠶᠢᠭᠤᠯᠤᠨ᠂ ᠭᠡᠷ ᠤᠨ ᠠᠬᠠᠮᠠᠳ ᠤᠨ ᠰᠠᠨᠠᠭᠤᠯᠭ᠎ᠠ ᠶᠢ ᠦᠨᠳᠦᠰᠦᠯᠡᠨ ᠢᠳᠡᠭᠡᠨ ᠤ ᠴᠠᠳᠢᠭ ᠬᠢᠭᠡᠳ ᠬᠠᠮᠢᠶᠠᠷᠤᠯᠲᠠ ᠶᠢᠨ | ᠠᠷᠭ᠎ᠠ ᠬᠡᠮᠵᠢᠶ᠎ᠡ ᠶᠢ ᠰᠢᠯᠢᠳᠡᠭᠵᠢᠭᠦᠯᠪᠡ᠃ | ᠪᠠᠷᠠᠭᠤᠨ ᠦᠵᠦᠮᠦᠴᠢᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠨᠢ ᠰᠤᠷᠭᠠᠨ ᠬᠥᠮᠦᠵᠢᠯ ᠤᠨ ᠶᠠᠮᠤᠨ | ᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠭᠤᠯᠢ ᠶᠢ ᠵᠣᠬᠢᠶᠠᠨ ᠪᠠᠶᠢᠭᠤᠯᠤᠨ ᠢᠯᠡ ᠪᠠᠷ ᠡᠯᠰᠡᠬᠦ᠂ ᠬᠢᠷᠢ | ᠬᠡᠮ ᠢ ᠬᠢᠨᠠᠨ ᠬᠠᠷᠭᠤᠭᠤᠯᠬᠤ ᠵᠡᠷᠭᠡ ᠶᠠᠪᠤᠴᠠ ᠪᠠᠷ ᠳᠠᠮᠵᠢᠭᠤᠯᠤᠨ ᠢᠳᠡᠭᠡᠨ ᠤᠮᠳᠠᠭᠠᠨ ᠳᠤ ᠬᠢᠨᠠᠯᠲᠠ ᠲᠠᠯᠪᠢᠬᠤ ᠭᠡᠷ ᠤᠨ | ᠠᠬᠠᠮᠠᠳ ᠤᠨ ᠵᠥᠪᠯᠡᠯ ᠢ ᠵᠣᠬᠢᠶᠠᠨ ᠪᠠᠶᠢᠭᠤᠯᠪᠠ᠃ ᠡᠯ᠎ᠡ ᠰᠤᠷᠭᠠᠭᠤᠯᠢ ᠨᠢ ᠭᠡᠷ ᠤᠨ ᠠᠬᠠᠮᠠᠳ ᠤᠨ ᠵᠥᠪᠯᠡᠯ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠭᠡᠷ ᠤᠨ ᠠᠬᠠᠮᠠᠳ ᠢ ᠬᠤᠭᠤᠯᠠᠨ ᠭᠡᠷ ᠲᠤ ᠤᠷᠢᠵᠤ᠂ ᠢᠳᠡᠭᠡᠨ ᠤ ᠮᠠᠲ᠋ᠧᠷᠢᠶᠠᠯ | ᠬᠤᠳᠠᠯᠳᠤᠨ ᠠᠪᠬᠤ᠂ ᠡᠳ᠋ᠰᠢᠭᠦᠯᠬᠦ ᠵᠡᠷᠭᠡ ᠪᠥᠬᠦ ᠶᠠᠪᠤᠴᠠ ᠳᠤ ᠬᠢᠨᠠᠯᠲᠠ ᠲᠠᠯᠪᠢᠭᠤᠯᠵᠠᠢ᠃ ᠪᠠᠰᠠ ᠪᠠᠶᠢᠩᠭᠤ ᠶᠢᠨ | ᠴᠢᠨᠠᠷᠲᠠᠢ ᠪᠠᠷ᠎ᠠ ᠪᠣᠯᠵᠤ ᠬᠤᠭᠤᠯᠠᠯᠠᠬᠤ ᠠᠵᠢᠯᠯᠠᠭ᠎ᠠ ᠶᠢ ᠥᠷᠨᠢᠭᠦᠯᠵᠦ᠂ ᠭᠡᠷ ᠤᠨ ᠠᠬᠠᠮᠠᠳ ᠪᠣᠯᠣᠨ ᠰᠤᠷᠤᠭᠴᠢᠳ ᠬᠠᠮᠲᠤ | ᠪᠠᠷ ᠬᠤᠭᠤᠯᠠᠯᠠᠭᠰᠠᠨ ᠤ ᠳᠠᠷᠠᠭ᠎ᠠ ᠦᠨᠡᠯᠡᠬᠦ ᠬᠦᠰᠦᠨᠦᠭᠲᠦ ᠶᠢ ᠲᠠᠭᠯᠠᠵᠤ᠂ ᠬᠤᠭᠤᠯᠠᠨ ᠭᠡᠷ ᠤᠨ ᠠᠷᠢᠭᠤᠨ ᠴᠡᠪᠡᠷ ᠪᠣᠯᠣᠨ | ᠢᠳᠡᠭᠡᠨ ᠤ ᠶᠠᠰᠤ ᠴᠢᠨᠠᠷ ᠢ ᠨᠤᠲᠠᠯᠠᠬᠤ ᠪᠠᠷ ᠪᠠᠷᠠᠬᠤ ᠦᠭᠡᠢ ᠪᠠᠰᠠ ᠬᠠᠯᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ | ᠪᠣᠯᠣᠨ᠎ᠠ᠃ | ︽ᠢᠳᠡᠪᠬᠢ ᠪᠤᠰᠣ ᠬᠢᠨᠠᠨ ᠬᠠᠮᠢᠶᠠᠷᠬᠤ︾ ᠠᠴᠠ ︽ᠰᠠᠨᠠᠭᠠᠴᠢᠯᠠᠭ᠎ᠠ ᠠᠴᠠ ᠪᠠᠨ ᠣᠷᠣᠯᠴᠠᠬᠤ︾ ᠬᠦᠷᠲᠡᠯ᠎ᠡ᠂ ᠪᠠᠷᠠᠭᠤᠨ | ᠦᠵᠦᠮᠦᠴᠢᠨ ᠬᠤᠰᠢᠭᠤ ᠭᠡᠷ ᠪᠦᠯᠢ ᠪᠠ ᠰᠤᠷᠭᠠᠭᠤᠯᠢ ᠶᠢᠨ ᠭᠦᠨᠵᠡᠭᠡᠢ ᠬᠠᠮᠲᠤᠷᠠᠯᠴᠠᠭ᠎ᠠ ᠪᠠᠷ ᠳᠠᠮᠵᠢᠭᠤᠯᠵᠤ᠂ | ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ | ᠢᠯᠡ ᠲᠣᠳᠣ᠂ ᠵᠢᠷᠤᠮᠵᠢᠭᠰᠠᠨ ᠠᠷᠭ᠎ᠠ ᠬᠡᠮᠵᠢᠶ᠎ᠡ ᠪᠠᠷ ᠰᠤᠷᠤᠭᠴᠢᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾ ᠢ | ᠰᠠᠬᠢᠨ ᠬᠠᠮᠠᠭᠠᠯᠠᠵᠤ ᠪᠣᠢ᠃ | ᠢᠳᠡᠭᠡᠨ ᠤᠮᠳᠠᠭᠠᠨ ᠤ ᠬᠢᠨᠠᠯᠲᠠ ᠲᠠᠯᠪᠢᠬᠤ ᠭᠡᠷ ᠤᠨ ᠠᠬᠠᠮᠠᠳ ᠤᠨ ᠵᠥᠪᠯᠡᠯ ᠤᠨ ᠭᠡᠰᠢᠭᠦᠨ ᠭᠧ ᠶᠦᠩ ᠵᠢᠶᠧ᠄ ︽ | ᠬᠡᠦᠬᠡᠳ ᠤᠨ ᠰᠤᠷᠭᠠᠭᠤᠯᠢ ᠳᠠᠬᠢ ᠢᠳᠡᠭᠡᠨ ᠤᠮᠳᠠᠭᠠᠨ ᠤ ᠡᠷᠡᠭᠦᠯ ᠮᠡᠨᠳᠦ ᠶᠢᠨ ᠠᠰᠠᠭᠤᠳᠠᠯ ᠪᠣᠯ ᠮᠠᠨ ᠤ ᠭᠡᠷ ᠤᠨ | ᠠᠬᠠᠮᠠᠳ ᠤᠨ ᠬᠠᠮᠤᠭ ᠠᠴᠠ ᠠᠩᠬᠠᠷᠳᠠᠭ ᠠᠰᠠᠭᠤᠳᠠᠯ ᠤᠨ ᠨᠢᠭᠡ ᠪᠣᠯᠣᠨ᠎ᠠ᠂ ᠪᠢᠳᠡ ᠰᠤᠷᠤᠭᠴᠢᠳ ᠤᠨ ᠢᠳᠡᠭᠡᠨ | ᠤᠮᠳᠠᠭᠠᠨ ᠤ ᠠᠮᠤᠷ ᠲᠦᠪᠰᠢᠨ᠂ ᠰᠢᠮ᠎ᠡ ᠲᠡᠵᠢᠭᠡᠯ ᠡᠷᠡᠭᠦᠯ ᠮᠡᠨᠳᠦ ᠶᠢᠨ ᠲᠥᠯᠥᠭᠡ ᠬᠦᠴᠦ ᠪᠠᠨ ᠡᠷᠭᠦᠬᠦ ᠶᠢᠨ ᠬᠠᠮᠲᠤ | ᠪᠠᠰᠠ ᠭᠡᠷ ᠤᠨ ᠠᠬᠠᠮᠠᠳ ᠤᠨ ᠰᠤᠷᠭᠠᠭᠤᠯᠢ ᠲᠠᠢ ᠬᠠᠷᠢᠯᠴᠠᠬᠤ ᠬᠥᠭᠦᠷᠭᠡ ᠪᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ | ᠬᠤᠭᠤᠯᠠᠨ ᠭᠡᠷ ᠤᠨ ᠢᠳᠡᠭᠡᠨ ᠬᠤᠳᠠᠯᠳᠤᠨ ᠠᠪᠬᠤ ᠳᠤ ᠬᠢᠨᠠᠯᠲᠠ ᠲᠠᠯᠪᠢᠬᠤ᠂ ᠢᠳᠡᠭᠡᠨ ᠤ ᠮᠠᠲ᠋ᠧᠷᠢᠶᠠᠯ ᠤᠨ ᠰᠢᠨ᠎ᠡ | ᠰᠣᠷᠭᠤᠭ ᠤᠨ ᠬᠡᠮᠵᠢᠶ᠎ᠡ᠂ ᠴᠢᠨᠠᠷ ᠢ ᠪᠠᠲᠤᠯᠠᠬᠤ ᠬᠤᠭᠤᠴᠠᠭ᠎ᠠ ᠶᠢ ᠪᠠᠶᠢᠴᠠᠭᠠᠬᠤ᠂ ᠪᠠᠰᠠ ᠬᠤᠭᠤᠯᠠᠨ ᠭᠡᠷ ᠤᠨ ᠠᠷᠢᠭᠤᠨ | ᠴᠡᠪᠡᠷ ᠣᠷᠴᠢᠨ ᠲᠣᠭᠤᠷᠢᠨ ᠢ ᠪᠠᠶᠢᠴᠠᠭᠠᠨ ᠦᠵᠡᠬᠦ ᠵᠡᠷᠭᠡ ᠠᠵᠢᠯ ᠢ ᠬᠢᠳᠡᠭ᠃ ᠰᠡᠭᠦᠯᠡᠷ ᠵᠥᠪᠯᠡᠯ ᠤᠨ ᠬᠢᠨ ᠰᠤᠷᠭᠠᠭᠤᠯᠢ᠂ | ᠭᠡᠷ ᠤᠨ ᠠᠬᠠᠮᠠᠳ ᠲᠠᠢ ᠬᠠᠷᠢᠯᠴᠠᠬᠤ ᠵᠠᠪᠰᠢᠶᠠᠨ ᠢ ᠨᠠᠩ ᠥᠷᠭᠡᠳᠬᠡᠵᠦ᠂ ᠬᠡᠦᠬᠡᠳ ᠤᠳ ᠤᠨ ᠢᠳᠡᠭᠡᠨ ᠤᠮᠳᠠᠭᠠᠨ ᠤ ᠠᠮᠤᠷ | ᠲᠦᠪᠰᠢᠨ ᠢ ᠬᠠᠮᠲᠤ ᠪᠠᠷ ᠬᠠᠮᠠᠭᠠᠯᠠᠬᠤ ᠶᠢ ᠬᠦᠰᠡᠵᠦ ᠪᠠᠶᠢᠨ᠎ᠠ︕ ︾ ᠭᠡᠯᠡ᠃ |