2025 ᠣᠨ ᠤ 5 ᠰᠠᠷ᠎ᠠ ᠶᠢᠨ 10 ᠤ ᠡᠳᠦᠷ᠂ ᠬᠤᠭᠤᠯᠠᠲᠤ ᠶᠢᠨ ᠭᠤᠣᠯ ᠪᠠᠯᠭᠠᠰᠤᠨ ᠤ ᠪᠠᠶᠠᠨᠬᠤᠰᠢᠭᠤ | ᠭᠠᠴᠠᠭᠠᠨ ᠤ ᠨᠠᠮ ᠤᠨ ᠡᠭᠦᠷ᠂ ᠭᠠᠴᠠᠭᠠᠨ ᠵᠦᠪᠯᠡᠯ ᠪᠣᠯᠣᠨ ᠡᠮᠡᠭᠲᠡᠶᠢᠴᠦᠳ ᠤᠨ ᠬᠤᠯᠪᠤᠭᠠᠲᠤ ᠬᠤᠷᠠᠯ ᠨᠢ | ᠬᠠᠮᠲᠤᠷᠠᠵᠤ ︽5 · 15 ᠭᠡᠷ ᠪᠦᠯᠢ ᠶᠢᠨ ᠡᠳᠦᠷ︾ ᠵᠢᠴᠢ ︽ᠡᠵᠢ ᠶᠢᠨ ᠪᠠᠶᠠᠷ︾ ᠢ ᠳᠤᠷᠠᠰᠬᠠᠨ ᠪᠡᠯᠭᠡᠯᠡᠬᠦ | ᠨᠠᠰᠤᠲᠠᠶᠢᠴᠤᠤᠯ ᠤᠨ ᠴᠠᠶᠢᠯᠠᠯᠭ᠎ᠠ ᠶᠢ ᠵᠣᠬᠢᠶᠠᠨ ᠪᠠᠶᠢᠭᠤᠯᠪᠠ᠃ ᠴᠠᠶᠢᠯᠠᠯᠭ᠎ᠠ ᠳᠤ ᠰᠢᠯᠢᠳᠡᠭ ᠰᠠᠶᠢᠨ ᠭᠡᠷ ᠪᠦᠯᠢ ᠶᠢᠨ | ᠬᠦᠮᠦᠵᠢᠯ ᠢ ᠤᠯᠠᠮᠵᠢᠯᠠᠨ ᠪᠠᠳᠠᠷᠠᠭᠤᠯᠬᠤ᠂ ᠡᠮᠡᠭᠲᠡᠶᠢᠴᠦᠳ ᠪᠤᠯᠤᠨ ᠪᠠᠭᠠᠴᠤᠳ ᠬᠡᠦᠬᠡᠳ ᠤᠨ ᠬᠠᠤᠯᠢ ᠶᠤᠰᠤᠨ ᠤ | ᠡᠷᠬᠡ ᠠᠰᠢᠭ ᠢ ᠬᠠᠮᠠᠭᠠᠯᠠᠬᠤ ᠬᠢᠭᠡᠳ ︽ᠠᠨᠠᠷ ᠤᠯᠠᠭᠠᠨ᠂ ᠤᠯᠤᠰ ᠭᠡᠷ ᠦᠵᠡᠰᠭᠦᠯᠡᠩᠲᠦ ᠰᠠᠶᠢᠬᠠᠨ︾ | ᠡᠮᠡᠭᠲᠡᠶᠢᠴᠦᠳ ᠤᠨ ᠶᠡᠭᠡ ᠤᠬᠠᠭᠤᠯᠤᠨ ᠲᠠᠶᠢᠯᠪᠤᠷᠢᠯᠠᠯᠲᠠ ᠵᠡᠷᠭᠡ ᠠᠵᠢᠯᠯᠠᠭ᠎ᠠ ᠨᠤᠭᠤᠳ ᠢ ᠶᠠᠪᠤᠭᠳᠠᠭᠤᠯᠪᠠ᠃ | ᠪᠠᠶᠠᠨᠬᠤᠰᠢᠭᠤ ᠭᠠᠴᠠᠭᠠᠨ ᠳᠤ ᠶᠡᠷᠡᠨ ᠨᠠᠰᠤ ᠶᠢ ᠳᠠᠪᠠᠭᠰᠠᠨ ᠨᠠᠰᠤᠲᠠᠨ ᠭᠤᠷᠪᠠ᠂ ᠨᠠᠶᠠᠨ ᠨᠠᠰᠤ ᠶᠢ ᠳᠠᠪᠠᠭᠰᠠᠨ | ᠨᠠᠰᠤᠲᠠᠨ ᠨᠠᠢᠮᠠ᠂ ᠳᠠᠯᠠᠨ ᠨᠠᠰᠤ ᠶᠢ ᠳᠠᠪᠠᠭᠰᠠᠨ ᠨᠠᠰᠤᠲᠠᠨ ᠬᠤᠷᠢᠨ ᠨᠢᠭᠡ ᠪᠠᠶᠢᠨ᠎ᠠ᠃ ᠲᠤᠰ ᠡᠳᠦᠷ ᠤᠨ | ᠴᠠᠶᠢᠯᠠᠯᠭ᠎ᠠ ᠳᠤ ᠳᠦᠴᠢᠭᠡᠳ ᠨᠠᠰᠤᠲᠠᠨ ᠤᠷᠤᠯᠴᠠᠵᠤ᠂ ᠬᠤᠳᠠ ᠤᠷᠤᠭᠰᠠᠨ ᠪᠤᠶᠤ ᠨᠠᠰᠤᠨ ᠰᠡᠭᠦᠳᠡᠷ ᠦᠨᠳᠦᠷ | ᠪᠤᠯᠵᠤ ᠶᠠᠪᠤᠵᠤ ᠰᠠᠭᠤᠬᠤ ᠳᠤ ᠲᠦᠭᠦᠮ ᠦᠭᠡᠢ ᠪᠤᠯᠤᠭᠰᠠᠨ ᠨᠠᠰᠤᠲᠠᠶᠢᠴᠤᠳ ᠲᠤ ᠠᠭᠤᠯᠵᠠᠭ᠎ᠠ ᠦᠭᠡᠢ ᠤᠳᠠᠭᠰᠠᠨ | ᠤᠨᠠᠭᠠᠨ ᠨᠠᠶᠢᠵᠠ᠂ ᠬᠤᠲᠠ ᠤᠰᠤᠨ ᠤ ᠬᠢᠨ ᠲᠠᠢ ᠪᠠᠨ ᠠᠭᠤᠯᠵᠠᠵᠤ᠂ ᠬᠠᠭᠤᠴᠢᠨ ᠵᠤᠭᠤᠭ ᠢᠶᠠᠨ ᠳᠡᠯᠭᠡᠨ | ᠰᠠᠭᠤᠬᠤ ᠨᠢ ᠣᠯᠵᠠᠷᠬᠠᠭᠤᠰᠢᠲᠠᠢ ᠰᠠᠶᠢᠬᠠᠨ ᠪᠠᠶᠢᠯ᠎ᠠ᠃ ᠡᠭᠦᠨ ᠤ ᠵᠡᠷᠭᠡᠴᠡᠭᠡ ᠨᠠᠰᠤᠲᠠᠶᠢᠴᠤᠤᠯ ᠤᠨ ᠱᠠᠭ᠎ᠠ ᠪᠤᠯᠤᠨ | ᠬᠦᠵᠦᠷ ᠤᠨ ᠮᠦᠷᠦᠶᠢᠴᠡᠭᠡᠨ ᠴᠤ ᠬᠥᠭᠵᠢᠯᠲᠡᠢ ᠶᠠᠪᠤᠭᠳᠠᠵᠠᠢ᠃ ᠲᠣᠰ ᠤᠳᠠᠭᠠᠨ ᠤ ᠠᠵᠢᠯᠯᠠᠭᠠᠨ ᠤ ᠪᠠᠰᠠ ᠨᠢᠭᠡᠨ | ᠤᠳᠬ᠎ᠠ ᠠᠭᠤᠯᠭ᠎ᠠ ᠲᠠᠢ ᠲᠠᠯ᠎ᠠ ᠭᠡᠪᠡᠯ ᠬᠤᠷᠢᠮᠯᠠᠭᠠᠳ 50—60 ᠵᠢᠯ ᠪᠣᠯᠵᠣ ᠪᠠᠶᠢᠭ᠎ᠠ ︿ᠠᠯᠮᠠᠰ ᠤᠷᠤᠭ﹀ ᠤᠨ | ᠨᠠᠢᠮᠠᠨ ᠬᠤᠤᠰ ᠨᠠᠰᠤᠲᠠᠨ ᠬᠢᠭᠡᠳ ᠬᠤᠷᠢᠮᠯᠠᠭᠠᠳ 45—50 ᠵᠢᠯ ᠪᠣᠯᠵᠤ ᠪᠠᠶᠢᠭ᠎ᠠ ︿ᠠᠯᠲᠠᠨ ᠤᠷᠤᠭ﹀ ᠤᠨ | ᠲᠠᠪᠤᠨ ᠬᠤᠤᠰ ᠨᠠᠰᠤᠲᠠᠨ ᠢ ᠬᠦᠨᠳᠦᠳᠭᠡᠨ ᠱᠠᠩᠨᠠᠪᠠ᠃ | ᠠᠵᠢᠯᠯᠠᠭᠠᠨ ᠤ ᠳᠤᠮᠳᠠ᠂ ᠭᠠᠴᠠᠭᠠᠨ ᠤ ᠵᠦᠪᠯᠡᠯ ᠠᠴᠠ ᠡᠮᠡᠭᠲᠡᠶᠢᠴᠦᠳ ᠤᠨ ᠠᠶᠢᠯ ᠭᠡᠷ᠂ ᠠᠵᠢᠯ ᠦᠢᠯᠡᠰ ᠤᠨ | ᠳᠤᠮᠳᠠᠬᠢ ᠳᠠᠶᠢᠴᠢᠯᠠᠨ ᠳᠠᠭᠠᠭᠤᠯᠬᠤ ᠦᠢᠯᠡᠳᠦᠯ ᠢ ᠴᠢᠬᠤᠯᠠᠴᠢᠯᠠᠨ ᠳᠤᠷᠠᠳᠤᠭᠰᠠᠨ ᠪᠦᠭᠡᠳ ᠡᠮᠡᠭᠲᠡᠶᠢᠴᠦᠳ ᠪᠤᠯᠤᠨ | ᠪᠠᠭᠠᠴᠤᠳ ᠬᠡᠦᠬᠡᠳ ᠤᠨ ᠬᠠᠤᠯᠢ ᠶᠢᠨ ᠤᠬᠠᠮᠰᠠᠷ ᠢ ᠳᠡᠭᠡᠭᠰᠢᠯᠡᠬᠦᠯᠬᠦ ᠲᠤᠬᠠᠢ ᠲᠤᠰᠬᠠᠢ ᠶᠠᠷᠢᠯᠴᠠᠯᠭ᠎ᠠ ᠬᠢᠵᠦ᠂ | ᠰᠢᠶᠠᠩ ᠱᠧᠩ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯᠲᠠᠳ ᠠᠴᠠ ᠤᠬᠠᠭᠤᠯᠭ᠎ᠠ ᠶᠢᠨ ᠬᠠᠭᠤᠳᠠᠰᠤ | ᠲᠠᠷᠬᠠᠭᠠᠨ᠂ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠪᠡ᠃ | ᠲᠤᠰ ᠤᠳᠠᠭᠠᠨ ᠤ ᠠᠵᠢᠯᠯᠠᠭ᠎ᠠ ᠳᠤ ᠰᠢᠯᠢᠳᠡᠭ ᠰᠠᠶᠢᠨ ᠭᠡᠷ ᠤᠨ ᠬᠦᠮᠦᠵᠢᠯ ᠢ ᠰᠤᠷᠲᠠᠯᠴᠢᠯᠠᠨ᠂ ᠠᠶᠢᠯ ᠭᠡᠷ | ᠢᠶᠠᠨ ᠤᠳᠠᠭᠠᠨ ᠵᠢᠯ ᠢᠶᠠᠷ ᠠᠮᠵᠢᠯᠲᠠ ᠲᠠᠢ ᠳᠤᠳᠤᠮᠳᠠᠵᠤ ᠢᠷᠡᠭᠰᠡᠨ ᠨᠠᠰᠤᠲᠠᠶᠢᠴᠤᠤᠯ ᠢᠶᠠᠷ ᠳᠠᠭᠤᠷᠢᠶᠠᠯ ᠪᠣᠯᠭᠠᠨ᠂ | ᠠᠵᠢᠯ ᠠᠮᠢᠳᠤᠷᠠᠯ ᠲᠤᠮᠳᠠᠬᠢ ᠡᠮᠡᠭᠲᠡᠶᠢᠴᠦᠳ ᠤᠨ ᠭᠤᠤᠯ ᠪᠤᠯᠬᠤ ᠦᠢᠯᠡᠳᠦᠯ ᠢ ᠴᠢᠬᠤᠯᠠᠴᠢᠯᠠᠨ ᠲᠤᠪᠤᠶᠢᠯᠭᠠᠭᠰᠠᠨ | ᠨᠢ ᠨᠡᠶᠢᠭᠡᠮ ᠨᠡᠶᠢᠲᠠ ᠳᠤ ᠵᠦᠪ ᠰᠠᠶᠢᠬᠠᠨ ᠡᠨᠧᠷᠬᠢ ᠶᠢ ᠳᠠᠮᠵᠢᠭᠤᠯᠤᠭᠰᠠᠨ ᠤᠳᠬ᠎ᠠ ᠲᠡᠭᠦᠰ ᠠᠵᠢᠯᠯᠠᠭ᠎ᠠ ᠪᠤᠯᠤᠭᠰᠠᠨ | ᠪᠠᠶᠢᠨ᠎ᠠ᠃ |