ᠵᠡᠮᠳᠡᠭᠴᠦᠳ ᠤᠨ ᠬᠡᠷᠡᠭᠯᠡᠭᠡᠨ ᠤ ᠮᠡᠷᠭᠡᠵᠢᠯ ᠰᠤᠷᠤᠯᠴᠠᠬᠤ ᠪᠠᠷ ᠳᠠᠮᠵᠢᠨ ᠠᠵᠢᠯ ᠣᠯᠵᠤ ᠦᠢᠯᠡᠰ ᠪᠣᠰᠬᠠᠬᠤ | ᠪᠠ ᠥᠪᠡᠷ ᠢ ᠪᠠᠨ ᠬᠥᠭᠵᠢᠭᠦᠯᠦᠨ ᠣᠷᠣᠯᠭ᠎ᠠ ᠪᠠᠨ ᠨᠡᠮᠡᠭᠳᠡᠭᠦᠯᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ | ᠵᠡᠮᠳᠡᠭᠴᠦᠳ ᠤᠨ ᠠᠵᠢᠯ ᠣᠯᠬᠤ ᠪᠠ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠵᠤ᠂ ᠠᠮᠢᠳᠤᠷᠠᠯ ᠤᠨ ᠲᠦᠪᠰᠢᠨ ᠢ | ᠨᠢ ᠰᠠᠶᠢᠵᠢᠷᠠᠭᠤᠯᠬᠤ ᠶᠢᠨ ᠲᠥᠯᠥᠭᠡ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ | ᠵᠡᠮᠳᠡᠭᠴᠦᠳ ᠤᠨ ᠬᠡᠷᠡᠭᠯᠡᠭᠡᠨ ᠮᠡᠷᠭᠡᠵᠢᠯ ᠤᠨ ᠪᠣᠯᠪᠠᠰᠤᠷᠠᠯ — ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ | ᠪᠣᠯᠪᠠᠰᠤᠷᠠᠯ ᠤᠨ ᠠᠩᠭᠢ ᠡᠷᠬᠢᠯᠡᠬᠦ ᠪᠠᠷ ᠪᠣᠯᠤᠭᠰᠠᠨ ᠤᠴᠢᠷ ᠠᠴᠠ ᠬᠤᠯᠪᠣᠭᠳᠠᠯ ᠪᠦᠬᠦᠢ ᠤᠴᠢᠷ ᠢ ᠳᠤᠤᠷᠠᠬᠢ ᠮᠡᠲᠦ | ᠮᠡᠳᠡᠭᠳᠡᠶ᠎ᠡ : | ᠨᠢᠭᠡ᠂ ᠪᠣᠯᠪᠠᠰᠤᠷᠠᠭᠤᠯᠬᠤ ᠡᠲᠡᠭᠡᠳ: ᠪᠠᠷᠠᠭᠤᠨ ᠦᠵᠦᠮᠦᠴᠢᠨ ᠬᠤᠰᠢᠭᠤᠨ ᠤ ᠡᠷᠦᠬᠡ ᠠᠮᠠ ᠲᠠᠢ ᠠᠵᠢᠯ | ᠣᠯᠬᠤ ᠨᠠᠰᠤᠨ ᠤ ᠬᠤᠭᠤᠴᠠᠭᠠᠨ ᠳᠠᠬᠢ ︵ᠡᠷᠡᠭᠲᠡᠶ :18— 59 ᠪᠦᠬᠦᠯᠢ ᠨᠠᠰᠤ᠂ ᠡᠮᠡᠭᠲᠡᠶ :18—54 | ᠪᠦᠬᠦᠯᠢ ᠨᠠᠰᠤ︶ ᠠᠵᠢᠯ ᠣᠯᠤᠭᠠᠳᠤᠶ ᠵᠡᠮᠳᠡᠭ ᠤᠨ ᠦᠨᠡᠮᠯᠡᠯ ᠲᠠᠢ ᠬᠥᠮᠦᠨ᠃ ᠬᠤᠨᠤᠭ ᠬᠤᠭᠤᠯᠠᠨ ᠤ ᠵᠠᠷᠤᠳᠠᠯ ᠢ | ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠠᠴᠠ ᠨᠢᠭᠡᠳᠦᠯᠲᠡᠶ ᠲᠣᠬᠢᠷᠠᠭᠤᠯᠤᠨ᠎ᠠ᠃ | ᠬᠤᠶᠠᠷ᠂ ᠪᠣᠯᠪᠠᠰᠤᠷᠠᠭᠤᠯᠬᠤ ᠠᠭᠤᠯᠭ᠎ᠠ : ᠮᠠᠯ ᠠᠵᠤ ᠠᠬᠤᠶ ᠶᠢᠨ ᠬᠡᠷᠡᠭᠯᠡᠭᠡᠨ ᠤ ᠮᠡᠷᠭᠡᠵᠢᠯ | ᠭᠤᠷᠪᠠ᠂ ᠪᠣᠯᠪᠠᠰᠤᠷᠠᠭᠤᠯᠬᠤ ᠬᠡᠯᠪᠡᠷᠢ : ᠲᠥᠯᠥᠭᠡᠯᠡᠬᠦ ᠴᠢᠨᠠᠷᠲᠠᠶ ᠲᠡᠷᠢᠭᠦᠨ ᠤ ᠭᠡᠷ ᠪᠦᠯᠢ ᠶᠢᠨ ᠮᠠᠯᠵᠢᠯ ᠤᠨ | ᠲᠠᠯᠠᠪᠠᠢ᠂ ᠮᠠᠯ ᠠᠵᠤ ᠠᠬᠤᠶ ᠶᠢᠨ ᠠᠷᠠᠯᠵᠢᠶᠠᠨ ᠤ ᠵᠠᠬ᠎ᠠ ᠳᠡᠯᠭᠡᠭᠦᠷ᠂ ᠮᠠᠯ ᠤᠨ ᠲᠡᠵᠢᠭᠡᠨ ᠦᠷᠡᠵᠢᠭᠦᠯᠭᠡ᠂ | ᠬᠡᠭᠡᠯᠲᠦᠭᠦᠯᠭᠡ᠂ ᠲᠡᠵᠢᠭᠡᠯ ᠪᠣᠷᠳᠣᠭᠠᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠵᠡᠷᠭᠡ ᠶᠢ ᠲᠤᠬᠠᠶ ᠶᠢᠨ ᠭᠠᠵᠠᠷ | ᠲᠤᠨᠢ ᠲᠣᠭᠤᠷᠢᠨ ᠦᠵᠡᠵᠦ ᠰᠤᠷᠤᠯᠴᠠᠨ᠎ᠠ᠃ | ᠳᠥᠷᠪᠡ᠂ ᠪᠣᠯᠪᠠᠰᠤᠷᠠᠭᠤᠯᠬᠤ ᠴᠠᠭ: 6 ᠰᠠᠷ᠎ᠠ | ᠲᠠᠪᠤ᠂ ᠨᠡᠷ᠎ᠡ ᠮᠡᠳᠡᠭᠦᠯᠬᠦ ᠴᠠᠭ: 5 ᠰᠠᠷ᠎ᠠ ᠶᠢᠨ 9 ᠠᠴᠠ 6 ᠰᠠᠷ᠎ᠠ ᠶᠢᠨ 1 ᠤ ᠡᠳᠦᠷ ᠪᠣᠯᠲᠠᠯ᠎ᠠ᠃ | ᠵᠢᠷᠭᠤᠭ᠎ᠠ᠂ ᠨᠡᠷ᠎ᠡ ᠮᠡᠳᠡᠭᠦᠯᠬᠦ ᠭᠠᠵᠠᠷ : ᠪᠠᠷᠠᠭᠤᠨ ᠦᠵᠦᠮᠦᠴᠢᠨ ᠬᠤᠰᠢᠭᠤᠨ ᠤ ᠵᠡᠮᠳᠡᠭᠴᠦᠳ ᠤᠨ | ᠬᠤᠯᠪᠣᠭᠠᠲᠤ ᠬᠤᠷᠠᠯ ᠤᠨ ᠠᠯᠪᠠᠨ ᠠᠰᠠᠷ ᠤᠨ 101 ᠳ᠋ᠤᠭᠠᠷ ᠦᠷᠦᠭᠡ᠃ | ᠬᠠᠷᠢᠯᠴᠠᠬᠤ ᠬᠥᠮᠦᠨ: ᠶᠠᠩ ᠰᠢᠶᠤᠤ ᠶᠦᠨ | ᠬᠠᠷᠢᠯᠴᠠᠬᠤ ᠤᠲᠠᠰᠤ:0479—3522908 | | ᠪᠠᠷᠠᠭᠤᠨ ᠦᠵᠦᠮᠦᠴᠢᠨ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠠᠴᠠ | 2025 ᠣᠨ ᠤ 5 ᠰᠠᠷ᠎ᠠ ᠶᠢᠨ 9 ᠤ ᠡᠳᠦᠷ |