ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ | ᠶᠡᠷᠦᠩᠬᠡᠢ ᠥᠷᠲᠡᠭᠡ ᠪᠦᠭᠦ ᠣᠷᠣᠨ ᠤ 1.7 ᠲᠦᠮᠡᠨ ᠶᠠᠳᠠᠭᠤ ᠠᠴᠠ ᠠᠩᠭᠢᠵᠢᠷᠠᠭᠰᠠᠨ ᠠᠮᠢ ᠠᠬᠤᠢ ᠶᠢᠨ ᠣᠶ ᠶᠢᠨ | ᠬᠠᠮᠠᠭᠠᠯᠠᠭᠴᠢ ᠳᠤ ᠲᠣᠭᠤᠷᠢᠨ ᠬᠠᠮᠠᠭᠠᠯᠠᠬᠤ ᠲᠡᠮᠳᠡᠭ ᠢ ᠨᠢᠭᠡᠳᠦᠯᠲᠡᠢ ᠲᠠᠷᠬᠠᠭᠠᠵᠤ᠂ ᠠᠵᠢᠯ ᠤᠨ ᠪᠠᠶᠢᠷᠢ ᠳᠤ ᠭᠠᠷᠴᠤ | ᠲᠣᠭᠤᠷᠢᠨ ᠬᠠᠮᠠᠭᠠᠯᠠᠬᠤ ᠳᠠᠭᠠᠨ ᠳᠦᠷᠢᠮ ᠶᠣᠰᠣᠭᠠᠷ ᠵᠡᠭᠦᠬᠦ ᠶᠢ ᠱᠠᠭᠠᠷᠳᠠᠪᠠ᠃ | ᠡᠨᠡ ᠪᠣᠯ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠶᠡᠷᠦᠩᠬᠡᠢ | ᠥᠷᠲᠡᠭᠡ 2022 ᠣᠨ ᠠᠴᠠ ᠡᠬᠢᠯᠡᠨ ᠬᠤᠶᠠᠳᠠᠭᠢ ᠤᠳᠠᠭ᠎ᠠ ᠶᠠᠳᠠᠭᠤ ᠠᠴᠠ ᠠᠩᠭᠢᠵᠢᠷᠠᠭᠰᠠᠨ ᠠᠮᠢ ᠠᠬᠤᠢ ᠶᠢᠨ | ᠣᠶ ᠶᠢᠨ ᠬᠠᠮᠠᠭᠠᠯᠠᠭᠴᠢ ᠳᠤ ᠲᠣᠭᠤᠷᠢᠨ ᠬᠠᠮᠠᠭᠠᠯᠠᠬᠤ ᠲᠡᠮᠳᠡᠭ ᠲᠠᠷᠬᠠᠭᠠᠵᠤ ᠪᠠᠶᠢᠭ᠎ᠠ ᠶᠠᠪᠤᠳᠠᠯ ᠪᠣᠯᠣᠨ᠎ᠠ᠃ ᠠᠵᠢᠯ ᠤᠨ | ᠱᠠᠭᠠᠷᠳᠠᠯᠭ᠎ᠠ ᠶᠢ ᠦᠨᠳᠦᠰᠦᠯᠡᠨ᠂ ᠣᠶ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠴᠦᠯᠯᠡᠷᠭᠡᠭ ᠭᠠᠵᠠᠷ᠂ | ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠵᠢᠴᠢ ᠬᠠᠮᠢᠶᠠᠷᠴᠤ ᠬᠠᠮᠠᠭᠠᠯᠠᠬᠤ ᠲᠥᠬᠦᠭᠡᠷᠦᠮᠵᠢ ᠶᠢ ᠡᠪᠳᠡᠬᠦ | ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠵᠦᠢᠯ ᠤᠨ ᠦᠶᠯᠡ ᠠᠵᠢᠯᠯᠠᠭ᠎ᠠ ᠶᠢ ᠣᠯᠵᠤ ᠮᠡᠳᠡᠬᠦ ᠶᠢᠨ | ᠬᠠᠮᠲᠤ ᠬᠤᠷᠢᠭᠯᠠᠨ ᠵᠣᠭᠰᠤᠭᠠᠬᠤ ᠳᠠᠭᠠᠨ ᠣᠶ ᠶᠢᠨ ᠬᠠᠮᠠᠭᠠᠯᠠᠭᠴᠢ ᠲᠡᠷᠡ ᠳᠠᠷᠤᠢ ᠳᠤᠨᠢ ᠠᠵᠢᠯ ᠤᠨ ᠲᠡᠮᠳᠡᠭ ᠢᠶᠠᠨ | ᠰᠠᠨᠠᠭᠠᠴᠢᠯᠠᠭ᠎ᠠ ᠠᠴᠠ ᠪᠠᠨ ᠭᠠᠷᠭᠠᠨ ᠦᠵᠡᠭᠦᠯᠵᠦ᠂ ᠠᠵᠢᠯ ᠢᠶᠠᠨ ᠵᠢᠷᠤᠮᠵᠢᠭᠤᠯᠤᠨ ᠥᠷᠨᠢᠭᠦᠯᠬᠦ ᠶᠢᠨ ᠬᠠᠮᠲᠤ | ᠨᠡᠶᠢᠭᠡᠮ ᠤᠨ ᠡᠯ᠎ᠡ ᠡᠲᠡᠭᠡᠳ ᠪᠣᠯᠣᠨ ᠥᠷᠭᠡᠨ ᠣᠯᠠᠨ ᠲᠦᠮᠡᠨ ᠤ ᠬᠢᠨᠠᠯᠲᠠ ᠲᠠᠯᠪᠢᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ᠃ | ᠠᠮᠢ ᠠᠬᠤᠢ ᠶᠢᠨ ᠣᠶ ᠶᠢᠨ ᠬᠠᠮᠠᠭᠠᠯᠠᠭᠴᠢ ᠨᠢ ᠣᠶ ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ | ᠲᠣᠭᠤᠷᠢᠨ ᠬᠠᠮᠠᠭᠠᠯᠠᠬᠤ ︽ᠨᠢᠭᠡᠳᠦᠭᠡᠷ ᠬᠠᠷᠠᠭᠤᠯ︾ ᠪᠣᠯᠤᠭᠰᠠᠨ ᠤ ᠬᠤᠪᠢ ᠳᠤ᠂ ᠬᠠᠮᠢᠶᠠᠷᠴᠤ ᠬᠠᠮᠠᠭᠠᠯᠠᠬᠤ ᠣᠷᠣᠨ ᠤ | ᠳᠣᠲᠣᠷᠠᠬᠢ ᠣᠶ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠴᠦᠯᠯᠡᠷᠭᠡᠭ ᠭᠠᠵᠠᠷ᠂ ᠬᠡᠭᠡᠷ᠎ᠡ ᠶᠢᠨ ᠠᠮᠢᠲᠠᠨ | ᠤᠷᠭᠤᠮᠠᠯ ᠵᠡᠷᠭᠡ ᠡᠬᠢ ᠪᠠᠶᠠᠯᠢᠭ ᠤᠨ ᠡᠳᠦᠷ ᠲᠤᠲᠤᠮ ᠤᠨ ᠲᠣᠭᠤᠷᠢᠨ ᠬᠠᠮᠠᠭᠠᠯᠠᠬᠤ ᠬᠦᠨᠳᠦ ᠡᠭᠦᠷᠭᠡ ᠶᠢ | ᠡᠭᠦᠷᠭᠡᠯᠡᠵᠦ ᠪᠠᠶᠢᠳᠠᠭ᠃ ᠮᠠᠨ ᠤ ᠣᠷᠣᠨ ᠶᠠᠳᠠᠭᠤ ᠠᠴᠠ ᠠᠩᠭᠢᠵᠢᠷᠠᠭᠰᠠᠨ ᠠᠮᠢ ᠠᠬᠤᠢ ᠶᠢᠨ ᠣᠶ ᠶᠢᠨ | ᠬᠠᠮᠠᠭᠠᠯᠠᠭᠴᠢ ᠳᠤ ᠴᠢᠬᠤᠯᠠ ᠪᠦᠬᠦᠢ ᠲᠣᠨᠤᠭ ᠲᠥᠬᠦᠭᠡᠷᠦᠮᠵᠢ ᠬᠠᠩᠭᠠᠬᠤ ᠪᠠᠷ ᠳᠠᠮᠵᠢᠭᠤᠯᠤᠨ᠂ ︽ᠠᠮᠢ ᠠᠬᠤᠢ ᠶᠢᠨ | ᠣᠶ ᠶᠢᠨ ᠬᠠᠮᠠᠭᠠᠯᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠳᠡᠭᠡᠭᠰᠢᠯᠡᠭᠦᠯᠭᠦ ᠪᠠ ᠦᠢᠯᠡᠳᠦᠯ ᠢ ᠨᠢ | ᠪᠠᠳᠠᠷᠠᠭᠤᠯᠬᠤ︾ ᠠᠵᠢᠯ ᠤᠨ ᠬᠠᠷᠠᠯᠲᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢ ᠭᠤᠣᠯᠳᠠᠯᠭ᠎ᠠ ᠲᠠᠢ ᠠᠩᠬᠠᠷᠴᠤ᠂ ᠲᠣᠭᠤᠷᠢᠨ ᠬᠠᠮᠠᠭᠠᠯᠠᠬᠤ ᠠᠵᠢᠯ ᠤᠨ | ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠮᠠᠨ ᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠡᠬᠢ | ᠪᠠᠶᠠᠯᠢᠭ ᠢ ᠬᠠᠮᠠᠭᠠᠯᠠᠬᠤ ᠳᠤᠮᠳᠠᠬᠢ ᠶᠠᠳᠠᠭᠤ ᠠᠴᠠ ᠠᠩᠭᠢᠵᠢᠷᠠᠭᠰᠠᠨ ᠠᠮᠢ ᠠᠬᠤᠢ ᠶᠢᠨ ᠣᠶ ᠶᠢᠨ ᠬᠠᠮᠠᠭᠠᠯᠠᠭᠴᠢ ᠶᠢᠨ | ᠵᠠᠩᠭᠢᠯᠠᠭ᠎ᠠ ᠶᠢᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠰᠠᠬᠢᠨ ᠬᠠᠮᠠᠭᠠᠯᠠᠬᠤ ᠳᠤ ᠪᠠᠲᠤ ᠴᠢᠩᠭ᠎ᠠ ᠬᠦᠴᠦᠨ ᠴᠢᠳᠠᠯ ᠢᠶᠠᠨ ᠡᠷᠭᠦᠪᠡ᠃ |