5 ᠰᠠᠷ᠎ᠠ ᠶᠢᠨ 12 ᠠᠴᠠ 15 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠱᠦᠵᠢ ᠪᠦᠦ ᠯᠢᠨ | ᠪᠥᠬᠦ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠲᠤ | ᠭᠦᠨᠵᠡᠭᠡᠶᠢᠷᠡᠵᠦ᠂ ᠡᠯ᠎ᠡ ᠭᠤᠣᠯᠳᠠᠯᠭ᠎ᠠ ᠲᠠᠢ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ | ᠲᠤᠨᠢ ᠬᠦᠷᠴᠦ ᠪᠠᠶᠢᠴᠠᠭᠠᠨ ᠵᠢᠯᠣᠭᠤᠳᠴᠤ᠂ ᠡᠯ᠎ᠡ ᠲᠥᠷᠥᠯ ᠵᠦᠢᠯ ᠢ ᠠᠬᠢᠭᠤᠯᠬᠤ ᠶᠠᠪᠤᠴᠠ ᠳᠠᠬᠢ ᠬᠦᠴᠢᠷ | ᠠᠰᠠᠭᠤᠳᠠᠯ ᠢ ᠰᠢᠢᠳᠪᠦᠷᠢᠯᠡᠬᠦ ᠶᠢᠨ ᠬᠠᠮᠲᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ | ᠲᠦᠷᠭᠡᠳᠬᠡᠬᠦ᠂ ᠠᠶᠤᠯᠭᠦᠢ ᠦᠢᠯᠡᠳᠪᠦᠷᠢᠯᠡᠯ ᠢ ᠪᠠᠲᠤᠯᠠᠬᠤ᠂ ᠦᠷᠭᠦᠯᠵᠢᠯᠡᠭᠰᠡᠨ ᠬᠠᠮᠢᠶᠠᠷᠤᠯᠲᠠ ᠶᠢ ᠰᠠᠶᠢᠲᠤᠷ ᠬᠢᠬᠦ | ᠵᠡᠷᠭᠡ ᠠᠵᠢᠯ ᠤᠨ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠪᠠ᠃ | ᠲᠦᠷᠪᠡᠨ ᠡᠳᠦᠷ ᠤᠨ ᠪᠠᠶᠢᠴᠠᠭᠠᠨ ᠰᠤᠳᠤᠯᠤᠯᠲᠠ ᠳᠤ᠂ ᠪᠦᠦ ᠯᠢᠨ ᠠᠵᠤ ᠦᠢᠯᠡᠰ ᠤᠨ ᠬᠦᠷᠢᠶᠡᠯᠡᠩ᠂ ᠠᠷᠠᠳ ᠤᠨ | ᠠᠮᠢᠳᠤᠷᠠᠯ ᠤᠨ ᠢᠨᠵᠧᠨᠧᠷᠢᠩ᠂ ᠠᠮᠢ ᠠᠬᠤᠢ ᠶᠢᠨ ᠵᠠᠰᠠᠯᠲᠠ᠂ ᠰᠠᠭᠤᠷᠢ ᠲᠥᠬᠦᠭᠡᠷᠦᠮᠵᠢ ᠵᠡᠷᠭᠡ ᠤᠯᠠᠨ ᠲᠦᠷᠦᠯ | ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠪᠠᠷᠢᠯᠭ᠎ᠠ ᠶᠢᠨ ᠠᠬᠢᠴᠠ᠂ ᠴᠢᠬᠤᠯᠠ ᠡᠯᠧᠮᠧᠨ᠋ᠲ ᠤᠨ ᠪᠠᠲᠤᠯᠠᠭ᠎ᠠ᠂ | ᠲᠦᠷᠦᠯ ᠵᠦᠢᠯ ᠤᠨ ᠲᠥᠯᠦᠪᠵᠢᠭᠦᠯᠭᠡ ᠵᠢᠴᠢ ᠬᠠᠮᠢᠶ᠎ᠠ ᠪᠦᠬᠦᠢ ᠠᠵᠤ ᠠᠬᠤᠶᠢᠯᠠᠯ ᠤᠨ ᠡᠵᠡᠩᠨᠡᠯᠲᠡ ᠶᠢᠨ ᠵᠠᠭᠪᠤᠷ | ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | | ᠲᠡᠷᠡ ᠴᠢᠬᠤᠯᠠᠴᠢᠯᠠᠬᠤ ᠳᠠᠭᠠᠨ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠲᠤᠯᠭᠠᠭᠤᠷᠢᠯᠠᠯ ᠮᠥᠨ᠃ | ᠪᠦᠬᠦ ᠬᠤᠰᠢᠭᠤ ᠪᠠᠷ ᠢᠶᠠᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ︽ᠲᠥᠷᠥᠯ ᠵᠦᠢᠯ ᠢᠶᠠᠷ ᠭᠤᠣᠯ ᠪᠣᠯᠭᠠᠬᠤ︾ ᠣᠶᠢᠯᠠᠭᠠᠭᠳᠠᠬᠤᠨ ᠢ ᠪᠠᠲᠤᠳᠬᠠᠨ᠂ ᠬᠠᠷᠠᠯᠲᠠ | ᠡᠭᠦᠷᠭᠡ ᠶᠢ ᠴᠢᠩᠭ᠎ᠠ ᠠᠩᠬᠠᠷᠴᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠨ᠂ ᠪᠠᠷᠢᠯᠭ᠎ᠠ ᠶᠢᠨ | ᠬᠤᠭᠤᠴᠠᠭᠠᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠨᠠᠩ ᠴᠢᠩᠭ᠎ᠠ ᠡᠷᠴᠢᠮ ᠪᠠ ᠨᠠᠩ ᠪᠣᠳᠠᠲᠠᠢ ᠠᠷᠭ᠎ᠠ | ᠬᠡᠮᠵᠢᠶ᠎ᠡ ᠪᠠᠷ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠠᠷᠢᠯᠭ᠎ᠠ ᠶᠢᠨ | ᠶᠠᠰᠤ ᠴᠢᠨᠠᠷ ᠪᠠ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠠᠬᠢᠴᠠ ᠶᠢ ᠬᠦᠴᠦᠯᠡᠨ ᠲᠦᠷᠭᠡᠳᠬᠡᠬᠦ ᠬᠡᠷᠡᠭᠲᠡᠢ ᠭᠡᠵᠡᠢ᠃ | | ᠪᠦᠦ ᠯᠢᠨ ᠴᠢᠬᠤᠯᠠᠴᠢᠯᠠᠭᠰᠠᠨ ᠨᠢ᠂ ᠡᠯ᠎ᠡ ᠪᠠᠷᠢᠯᠭ᠎ᠠ ᠶᠢᠨ ᠨᠢᠭᠡᠴᠡ ᠨᠢ ᠥᠨᠳᠥᠷ ᠪᠠᠷᠢᠮᠵᠢᠶ᠎ᠠ ᠪᠠᠷ ᠢᠨᠵᠧᠨᠧᠷᠢᠩ | ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠮᠤᠷ ᠲᠦᠪᠰᠢᠨ ᠢᠶᠠᠷ ᠬᠥᠭᠵᠢᠭᠦᠯᠬᠦ ᠣᠶᠢᠯᠠᠭᠠᠭᠳᠠᠬᠤᠨ ᠢ | ᠪᠠᠲᠤᠳᠬᠠᠨ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠲᠤᠬᠠᠢ ᠶᠢᠨ ᠲᠠᠯᠠᠪᠠᠢ ᠶᠢᠨ ᠬᠠᠮᠢᠶᠠᠷᠤᠯᠲᠠ ᠪᠣᠯᠣᠨ ᠬᠡᠮ ᠰᠣᠭᠤᠭ ᠤᠨ ᠪᠠᠶᠢᠴᠠᠭᠠᠯᠲᠠ ᠶᠢ ᠴᠢᠩᠭᠠᠳᠬᠠᠨ᠂ ᠡᠯ᠎ᠡ | ᠲᠦᠷᠦᠯ ᠤᠨ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠡᠯ᠎ᠡ ᠬᠠᠮᠢᠶ᠎ᠠ ᠪᠦᠬᠦᠢ ᠰᠤᠮᠤ ᠪᠠᠯᠭᠠᠰᠤ᠂ ᠰᠠᠯᠠᠭ᠎ᠠ | ᠮᠥᠴᠢᠷ ᠨᠢ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠲᠥᠷᠥᠯ ᠵᠦᠢᠯ ᠢ ᠠᠬᠢᠭᠤᠯᠬᠤ ᠡᠬᠡ ᠲᠠᠩᠰᠠ ᠶᠢ | ᠪᠠᠶᠢᠭᠤᠯᠤᠨ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠲᠥᠷᠥᠯ ᠵᠦᠢᠯ ᠢ ᠠᠬᠢᠭᠤᠯᠬᠤ ᠶᠠᠪᠤᠴᠠ | ᠳᠤ ᠲᠤᠯᠭᠠᠷᠠᠭᠰᠠᠨ ᠬᠦᠴᠢᠷᠳᠡᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠥᠷᠥᠯ ᠵᠦᠢᠯ ᠢ | ᠢᠯᠭᠤᠮ ᠢᠶᠠᠷ ᠠᠬᠢᠭᠤᠯᠬᠤ ᠳᠤ ᠰᠠᠶᠢᠨ ᠰᠠᠶᠢᠬᠠᠨ ᠨᠥᠬᠦᠴᠡᠯ ᠢ ᠪᠦᠷᠢᠳᠦᠭᠦᠯᠵᠦ ᠥᠭᠬᠦ ᠬᠡᠷᠡᠭᠲᠡᠢ᠃ ᠲᠦᠷᠦᠯ ᠵᠦᠢᠯ | ᠢ ᠪᠠᠶᠢᠭᠤᠯᠤᠭᠰᠠᠨ ᠤ ᠳᠠᠷᠠᠭᠠᠬᠢ ᠡᠵᠡᠩᠨᠡᠯᠲᠡ ᠬᠠᠮᠠᠭᠠᠯᠠᠯᠲᠠ ᠶᠢᠨ ᠠᠵᠢᠯ ᠢ ᠤᠷᠢᠳᠴᠢᠯᠠᠨ ᠲᠥᠯᠥᠪᠵᠢᠭᠦᠯᠵᠦ᠂ | ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠲᠦᠷᠦᠯ ᠵᠦᠢᠯ ᠢ ᠪᠠᠶᠢᠭᠤᠯᠤᠭᠰᠠᠨ ᠤ ᠳᠠᠷᠠᠭᠠᠬᠢ ᠥᠨᠳᠥᠷ ᠪᠦᠲᠦᠮᠵᠢᠲᠡᠢ ᠪᠠᠷ ᠠᠵᠢᠯᠯᠠᠬᠤ᠂ ᠪᠣᠳᠠᠲᠤ ᠦᠷ᠎ᠡ | ᠪᠦᠲᠦᠮᠵᠢ ᠶᠢ ᠪᠠᠳᠠᠷᠠᠭᠤᠯᠬᠤ᠂ ᠤᠷᠳᠤ ᠬᠤᠭᠤᠴᠠᠭ᠎ᠠ ᠪᠠᠷ ᠦᠷ᠎ᠡ ᠠᠰᠢᠭ ᠢ ᠪᠠᠳᠠᠷᠠᠭᠤᠯᠬᠤ ᠶᠢ ᠪᠠᠲᠤᠯᠠᠬᠤ ᠬᠡᠷᠡᠭᠲᠡᠢ | ᠃ ᠡᠭᠦᠨ ᠤ ᠬᠠᠮᠲᠤ᠂ ᠠᠯᠤᠰ ᠬᠡᠲᠦ ᠶᠢᠨ ᠬᠥᠭᠵᠢᠯᠲᠡ ᠶᠢ ᠪᠣᠳᠣᠯᠬᠢᠯᠠᠨ᠂ ᠲᠥᠷᠥᠯ ᠵᠦᠢᠯ ᠤᠨ ᠨᠥᠭᠡᠴᠡ ᠶᠢ | ᠴᠢᠩᠭᠠᠳᠬᠠᠵᠤ᠂ ᠢᠷᠡᠬᠦ ᠵᠢᠯ ᠤᠨ ᠭᠤᠣᠯᠳᠠᠯᠭ᠎ᠠ ᠲᠠᠢ ᠲᠥᠷᠥᠯ ᠵᠦᠢᠯ ᠢ ᠤᠷᠢᠳᠴᠢᠯᠠᠨ ᠲᠥᠯᠥᠪᠯᠡᠵᠦ᠂ ᠱᠠᠲᠤᠴᠢ | ᠴᠢᠨᠠᠷᠲᠠᠢ ᠠᠬᠢᠭᠤᠯᠬᠤ᠂ ᠦᠷᠭᠦᠯᠵᠢᠯᠡᠨ ᠬᠥᠭᠵᠢᠭᠦᠯᠬᠦ ᠰᠠᠶᠢᠨ ᠰᠠᠶᠢᠬᠠᠨ ᠪᠠᠶᠢᠷᠢᠰᠢᠯ ᠢ ᠪᠦᠷᠢᠯᠳᠦᠭᠦᠯᠵᠦ᠂ ᠪᠥᠬᠦ | ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠥᠨᠢᠳᠡ ᠶᠢᠨ ᠬᠥᠳᠡᠯᠭᠡᠬᠦ ᠬᠦᠴᠦᠨ ᠢ | ᠨᠡᠮᠡᠷᠢᠯᠡᠬᠦ ᠬᠡᠷᠡᠭᠲᠡᠢ ᠭᠡᠵᠡᠢ᠃ |