ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠭᠢᠯᠭᠠᠨ ᠮᠡᠳᠡᠭᠡ 5 ᠰᠠᠷ᠎ᠠ ᠶᠢᠨ 14 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠷᠠᠩ - ᠯᠢᠦ᠋ᠢᠰᠢ ᠠᠨ•ᠰᠠᠸᠢ•ᠳ᠋ᠧᠲ᠋ᠤᠹ ᠲᠤ ᠴᠠᠭᠢᠯᠭᠠᠨ ᠴᠢᠮᠡᠭᠡ | ᠶᠠᠪᠤᠭᠤᠯᠵᠤ᠂ ᠲᠡᠭᠦᠨ ᠤ ᠪᠦᠭᠦᠳᠡ ᠨᠠᠶᠢᠷᠠᠮᠳᠠᠬᠤ ᠳᠤᠭᠣ᠋ ᠤᠯᠤᠰ ᠤᠨ ᠶᠡᠷᠦᠩᠬᠡᠶᠢᠯᠡᠭᠴᠢ ᠶᠢᠨ ᠲᠤᠰᠢᠶᠠᠯ ᠳᠤ ᠭᠠᠷᠤᠭᠰᠠᠨ ᠳᠤ | ᠪᠠᠶᠠᠷ ᠬᠦᠷᠭᠡᠪᠡ᠃ ᠲᠤᠰ ᠡᠳᠦᠷ ᠲᠡᠷᠢᠭᠦᠯᠡᠭᠴᠢ ᠰᠢ ᠶᠢᠨ ᠫᠢᠩ ᠪᠠᠰᠠ ᠹᠦᠯᠸᠢ•ᠠᠶᠢᠰᠤᠴᠢᠮᠥ᠋ᠨᠠ•ᠨᠠᠰᠢᠨᠪᠸᠢ ᠳᠤ | ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠠ ᠨᠠᠶᠢᠷᠠᠮᠳᠠᠬᠤ ᠳᠤᠭᠣ᠋ ᠤᠯᠤᠰ ᠤᠨ ᠰᠠᠶᠢᠳ ᠨᠠᠷ ᠤᠨ ᠬᠤᠷᠠᠯ ᠤᠨ | ᠲᠡᠷᠢᠭᠦᠯᠡᠭᠴᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ᠃ | ᠰᠢ ᠶᠢᠨ ᠫᠢᠩ᠂ ᠳᠤᠮᠳᠠᠳᠤ ᠳᠤᠭᠤ᠋ ᠶᠢᠨ ᠨᠥᠭᠦᠷᠰᠡᠭ ᠬᠠᠷᠢᠯᠴᠠᠭ᠎ᠠ ᠶᠢ ᠬᠤᠶᠠᠷ ᠤᠯᠤᠰ ᠤᠨ ᠦᠶ᠎ᠡ ᠦᠶ᠎ᠡ ᠶᠢᠨ | ᠤᠳᠤᠷᠢᠳᠬᠤ ᠬᠥᠮᠥᠰ ᠬᠠᠮᠲᠤ ᠪᠠᠷ ᠴᠣᠭᠴᠠᠯᠠᠨ ᠪᠠᠶᠢᠭᠤᠯᠵᠤ ᠨᠢᠮᠪᠠᠢ ᠪᠣᠶᠢᠵᠢᠭᠤᠯᠵᠠᠢ᠃ ᠬᠠᠭᠠᠰ ᠵᠠᠭᠤᠨ ᠭᠠᠷᠤᠢ ᠶᠢᠨ | ᠲᠤᠷᠰᠢ ᠬᠤᠶᠠᠷ ᠲᠠᠯ᠎ᠠ ᠪᠠᠷ ᠢᠶᠠᠨ ᠢᠮᠠᠭᠲᠠ ᠦᠨᠡᠨᠴᠢ ᠨᠥᠭᠦᠷᠰᠡᠭ᠂ ᠡᠷᠬᠡ ᠲᠡᠭᠰᠢ ᠬᠠᠷᠢᠯᠴᠠᠨ ᠢᠲᠡᠭᠡᠯᠴᠡᠬᠦ᠂ ᠬᠠᠮᠲᠤᠷᠠᠯᠴᠠᠵᠤ | ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ | ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠡᠷᠡᠰ ᠳᠡᠮᠵᠢᠯᠴᠡᠵᠦ᠂ ᠶᠡᠭᠡ ᠪᠠᠭ᠎ᠠ ᠤᠯᠤᠰ ᠡᠷᠬᠡ ᠲᠡᠭᠰᠢ ᠪᠠᠷ | ᠬᠠᠨᠳᠤᠯᠴᠠᠬᠤ ᠪᠠ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢᠨ ᠬᠡᠪ | ᠳᠠᠭᠤᠷᠢᠶᠠᠯ ᠪᠣᠯᠪᠠ᠃ 2024 ᠣᠨ ᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ | ᠪᠡᠭᠡᠵᠢᠩ ᠳᠠᠬᠢ ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ ᠳᠤᠮᠳᠠᠳᠤ ᠳᠤᠭᠤ᠋ ᠶᠢᠨ ᠬᠠᠷᠢᠯᠴᠠᠭ᠎ᠠ ᠪᠦᠭᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠣᠨ ᠳᠡᠭᠡᠭᠰᠢᠯᠡᠵᠦ᠂ ᠬᠤᠶᠠᠷ ᠤᠯᠤᠰ ᠤᠨ ᠬᠠᠷᠢᠯᠴᠠᠭᠠᠨ ᠤ ᠰᠢᠨ᠎ᠡ | ᠬᠠᠭᠤᠳᠠᠰᠤ ᠶᠢ ᠨᠡᠭᠡᠭᠡᠪᠡ᠃ ᠪᠢ ᠳᠤᠮᠳᠠᠳᠤ ᠳᠤᠭᠤ᠋ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠳᠤᠷᠠᠲᠠᠶ᠎ᠠ ᠳᠤᠭᠤ᠋ ᠶᠢᠨ ᠤᠳᠤᠷᠢᠳᠬᠤ ᠬᠥᠮᠥᠰ ᠲᠠᠢ ᠬᠠᠮᠲᠤ ᠪᠠᠷ ᠴᠢᠷᠮᠠᠶᠢᠵᠤ᠂ ᠳᠤᠮᠳᠠᠳᠤ ᠠᠹᠷᠢᠺᠠ ᠶᠢᠨ | ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ | ᠨᠠᠶᠢᠳᠠᠪᠤᠷᠢᠵᠢᠭᠤᠯᠬᠤ ᠪᠠᠷ ᠠᠵᠠ ᠲᠣᠭᠢᠶᠠᠯ ᠪᠤᠯᠭᠠᠵᠤ᠂ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ ᠡᠯ᠎ᠡ | ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠵᠦ᠂ ᠬᠤᠶᠠᠷ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠨᠢᠲᠠᠨ ᠤ ᠬᠠᠷᠢᠯᠴᠠᠭ᠎ᠠ ᠶᠢᠨ ᠠᠭᠤᠯᠤᠭᠳᠠᠬᠤᠨ ᠢ ᠲᠠᠰᠤᠷᠠᠯᠳᠠ ᠦᠭᠡᠢ ᠪᠠᠶᠠᠯᠢᠭᠵᠢᠭᠤᠯᠵᠤ᠂ ᠬᠤᠶᠠᠷ ᠤᠯᠤᠰ ᠤᠨ ᠠᠷᠠᠳ | ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃ | ᠲᠤᠰ ᠡᠳᠦᠷ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠪᠠᠰᠠ ᠴᠠᠭᠢᠯᠭᠠᠨ ᠴᠢᠮᠡᠭᠡ | ᠶᠠᠪᠤᠭᠤᠯᠵᠤ᠂ ᠹᠦᠯᠸᠢ ᠶᠢᠨ ᠪᠦᠭᠦᠳᠠ ᠨᠠᠶᠢᠷᠠᠮᠳᠠᠬᠤ ᠳᠤᠭᠣ᠋ ᠤᠯᠤᠰ ᠤᠨ ᠰᠠᠶᠢᠳ ᠨᠠᠷ ᠤᠨ ᠬᠤᠷᠠᠯ ᠤᠨ ᠲᠡᠷᠢᠭᠦᠯᠡᠭᠴᠢ ᠶᠢᠨ | ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ᠃ |