ᠰᠢᠯᠢ ᠶᠢᠨ ᠭᠤᠣᠯ ᠠᠶᠢᠮᠠᠭ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠠᠵᠢᠯᠯᠠᠭ᠎ᠠ ᠪᠠᠷᠠᠭᠤᠨ ᠦᠵᠦᠮᠦᠴᠢᠨ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2025/5/19
     ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠣᠯᠣᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 15 ᠤ ᠡᠳᠦᠷ᠂ ᠠᠶᠢᠮᠠᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ  ᠠᠴᠠ ᠠᠪᠤᠷᠠᠬᠤ ᠵᠥᠪᠯᠡᠯ ᠤᠨ ᠠᠯᠪᠠᠨ ᠭᠡᠷ ᠠᠴᠠ ᠭᠤᠣᠯᠯᠠᠨ ᠡᠷᠭᠢᠯᠡᠵᠦ᠂ ᠠᠶᠢᠮᠠᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠭᠠᠵᠠᠷ ᠬᠥᠳᠡᠯᠦᠯᠲᠡ ᠶᠢᠨ ᠲᠣᠪᠴᠢᠶ᠎ᠠ᠂ ᠪᠠᠷᠠᠭᠤᠨ ᠦᠵᠦᠮᠦᠴᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠲᠠᠭᠠᠭᠠᠴᠢᠯᠠᠨ ᠡᠷᠭᠢᠯᠡᠵᠦ᠂ ᠭᠤᠷᠤᠬᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠵᠢᠨ ᠡᠷᠭᠢᠯᠡᠭᠰᠡᠨ ᠭᠤᠷᠪᠠᠨ ᠱᠠᠲᠤᠨ ᠤ ᠬᠠᠮᠲᠤᠷᠠᠭᠰᠠᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠠᠵᠢᠯᠯᠠᠭ᠎ᠠ ᠪᠠᠷᠠᠭᠤᠨ ᠦᠵᠦᠮᠦᠴᠢᠨ ᠬᠤᠰᠢᠭᠤᠨ ᠤ ᠭᠤᠷᠤᠬᠠᠨ ᠪᠠᠯᠭᠠᠰᠣᠨ ᠳᠤ ᠶᠠᠪᠤᠭᠳᠠᠭᠰᠠᠨ ᠪᠠᠶᠢᠨ᠎ᠠ᠃     ᠠᠵᠢᠯᠯᠠᠭ᠎ᠠ ᠳᠤ᠂ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠭᠠᠵᠠᠷ ᠬᠥᠳᠡᠯᠦᠯᠲᠡ ᠶᠢᠨ ᠲᠣᠪᠴᠢᠶ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠪᠠᠷᠠᠭᠤᠨ ᠦᠵᠦᠮᠦᠴᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠴᠠᠬᠢᠯᠭᠠᠨ ᠤ ᠦᠢᠯᠡᠰ ᠤᠨ ᠲᠣᠪᠴᠢᠶ᠎ᠠ ᠵᠢᠴᠢ ᠭᠤᠷᠣᠬᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠠᠵᠢᠯᠲᠠᠳ ᠠᠵᠢᠯᠯᠠᠭ᠎ᠠ ᠳᠤ ᠣᠷᠣᠯᠴᠠᠭᠰᠠᠨ ᠪᠠᠶᠢᠨ᠎ᠠ᠃ᠠᠵᠢᠯᠯᠠᠭ᠎ᠠ ᠶᠢᠨ ᠡᠬᠢᠨ ᠳᠤ᠂ ᠠᠶᠢᠮᠠᠭ ᠤᠨ ᠭᠠᠵᠠᠷ ᠬᠥᠳᠡᠯᠦᠯᠲᠡ ᠶᠢᠨ ᠲᠣᠪᠴᠢᠶᠠᠨ ᠤ ᠲᠣᠪᠴᠢᠶᠠᠨ ᠳᠠᠷᠤᠭ᠎ᠠ ᠮᠦᠩᠬᠡᠪᠣᠯᠠᠭ ᠠᠴᠠ ᠣᠯᠠᠨ ᠨᠡᠶᠢᠲᠡ ᠶᠢᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠬᠦ ᠪᠣᠯ ᠣᠳᠣᠬᠠᠨ ᠤ ᠠᠵᠢᠯ ᠤᠨ ᠭᠤᠣᠯᠳᠠᠯᠭ᠎ᠠ ᠶᠢᠨ ᠲᠤᠳᠤᠷᠠᠬᠢ ᠭᠤᠣᠯᠳᠠᠯᠭ᠎ᠠ ᠮᠥᠨ᠂ ᠡᠯ᠎ᠡ ᠲᠠᠯ᠎ᠠ ᠶᠢᠨ ᠬᠢᠨ ᠬᠠᠮᠲᠤ ᠪᠠᠷ ᠴᠢᠷᠮᠠᠶᠢᠵᠤ᠂ ᠪᠥᠬᠦ ᠨᠡᠶᠢᠭᠡᠮ ᠢᠶᠠᠷ ᠢᠶᠠᠨ ᠤᠷᠤᠯᠴᠠᠭᠰᠠᠨ ᠰᠠᠶᠢᠨ ᠰᠠᠶᠢᠬᠠᠨ ᠣᠷᠴᠢᠨ ᠠᠬᠤᠢ ᠶᠢ ᠪᠣᠶ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃     ᠳᠠᠷᠠᠭ᠎ᠠ ᠨᠢ᠂ 2025 ᠣᠨ ᠤ ᠰᠢᠯᠢ ᠶᠢᠨ ᠭᠤᠣᠯ ᠠᠶᠢᠮᠠᠭ ᠤᠨ ᠭᠤᠣᠯᠳᠠᠯᠭ᠎ᠠ ᠲᠠᠢ ᠭᠠᠵᠠᠷ ᠣᠷᠣᠨ ᠤ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ    ︽ᠭᠤᠷᠪᠠᠨ ᠲᠣᠣᠷ ᠤᠨ ᠨᠢᠭᠡ ᠭᠡᠰᠢᠭᠦᠨ︾ ᠪᠠ ᠭᠠᠮᠰᠢᠭ ᠤᠨ ᠮᠡᠳᠡᠭᠡ ᠵᠠᠩᠭᠢ ᠶᠢᠨ ᠲᠤᠬᠠᠶᠢᠯᠠᠭᠰᠠᠨ ᠠᠵᠢᠯᠲᠠᠨ ᠤ ᠪᠣᠯᠪᠠᠰᠤᠷᠠᠯ ᠢ ᠡᠷᠬᠢᠯᠡᠪᠡ᠃ ᠬᠢᠴᠢᠶᠡᠯ ᠵᠢᠯᠤᠭᠤᠳᠤᠭᠴᠢ ᠠᠴᠠ ᠭᠠᠵᠠᠷ ᠬᠥᠳᠡᠯᠦᠯᠲᠡ ᠶᠢᠨ ᠭᠠᠮᠰᠢᠭ ᠤᠨ ᠲᠤᠭᠤᠷᠢᠨ ᠳᠤ ᠡᠭᠦᠰᠦᠭᠰᠡᠨ ᠰᠢᠯᠲᠠᠭᠠᠨ ᠪᠠ  ᠲᠦᠷᠦᠯ ᠠᠩᠭᠢᠯᠠᠯ᠂ ᠬᠤᠤᠷ ᠬᠥᠨᠥᠭᠡᠯ ᠵᠡᠷᠭᠡ ᠣᠯᠠᠨ ᠲᠠᠯ᠎ᠠ ᠠᠴᠠ ᠭᠦᠨᠵᠡᠭᠡᠢ ᠲᠠᠶᠢᠯᠪᠤᠷᠢᠯᠠᠯᠲᠠ ᠬᠢᠵᠡᠢ᠃ ᠪᠣᠯᠪᠠᠰᠤᠷᠠᠯ ᠲᠠᠭᠤᠰᠤᠭᠰᠠᠨ ᠤ ᠲᠠᠷᠠᠭ᠎ᠠ᠂ ᠠᠶᠢᠮᠠᠭ᠂ ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠠᠵᠢᠯᠲᠠᠨ ᠠᠴᠠ ᠠᠬᠤᠢ ᠲᠠᠯᠠᠪᠠᠢ ᠳᠤ ᠴᠤᠭᠯᠠᠷᠠᠭᠰᠠᠨ ᠤᠯᠠᠨ ᠲᠦᠮᠡᠨ ᠳᠤ ᠪᠠᠴᠢᠮ ᠠᠪᠤᠷᠠᠯᠳᠠ ᠬᠢᠬᠦ ᠠᠷᠭ᠎ᠠ ᠪᠠᠷᠢᠯ  ᠢ ᠵᠢᠭᠠᠵᠤ ᠦᠭᠪᠡ᠃       ᠡᠭᠦᠨ ᠤ ᠵᠡᠷᠭᠡᠴᠡᠭᠡ᠂ ᠭᠤᠷᠤᠬᠠᠨ ᠪᠠᠯᠭᠠᠰᠤᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠲᠤ᠂ ︽ᠬᠥᠮᠥᠨ ᠪᠣᠯᠭᠠᠨ ᠠᠮᠤᠷ ᠲᠦᠪᠰᠢᠨ ᠢ ᠡᠷᠬᠢᠮᠯᠡᠵᠦ᠂  ᠬᠦᠮᠦᠨ ᠪᠤᠯᠭᠠᠨ ᠪᠠᠴᠢᠮ ᠪᠠᠶᠢᠳᠠᠯ ᠢ ᠠᠷᠭᠠᠴᠠᠵᠤ ᠴᠢᠳᠠᠨ᠎ᠠ ︱ᠳᠡᠷᠭᠡᠳᠡᠬᠢ ᠭᠠᠢ ᠭᠠᠮᠰᠢᠭ ᠤᠨ ᠬᠡᠮ ᠰᠣᠭᠤᠭ ᠢ ᠪᠠᠶᠢᠴᠠᠭᠠᠶ᠎ᠠ︾ ᠭᠡᠬᠦ ᠭᠤᠣᠯ ᠰᠡᠳᠦᠪᠲᠦ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠦᠷᠨᠢᠭᠦᠯᠪᠡ᠃ ᠠᠬᠤᠢ ᠲᠠᠯᠠᠪᠠᠶ ᠳᠤ ᠠᠰᠠᠭᠤᠨ ᠯᠠᠪᠯᠠᠬᠤ ᠲᠠᠪᠴᠠᠩ ᠭᠠᠷᠭᠠᠵᠤ᠂ ᠤᠬᠠᠭᠤᠯᠭ᠎ᠠ ᠶᠢᠨ ᠰᠠᠮᠪᠠᠷ᠎ᠠ ᠶᠢ ᠳᠡᠯᠭᠡᠨ ᠦᠵᠡᠭᠦᠯᠬᠦ ᠶᠢᠨ ᠬᠠᠮᠲᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠪᠠᠶᠢᠭᠠᠯᠢ ᠶᠢᠨ ᠭᠠᠮᠰᠢᠭ ᠢ ᠠᠷᠭᠠᠴᠠᠬᠤ᠂ ᠠᠶᠤᠯ ᠠᠴᠠ ᠵᠠᠶᠢᠯᠠᠬᠤ ᠪᠠ ᠥᠪᠡᠷ ᠢ ᠪᠠᠨ ᠠᠪᠤᠷᠠᠬᠤ ᠪᠠ ᠬᠠᠷᠢᠯᠴᠠᠨ ᠠᠪᠤᠷᠠᠬᠤ᠂ ᠭᠠᠵᠠᠷ ᠬᠥᠳᠡᠯᠦᠯᠲᠡ ᠶᠢ ᠤᠷᠢᠳᠴᠢᠯᠠᠨ ᠰᠡᠷᠡᠮᠵᠢᠯᠡᠬᠦ᠂ ᠨᠡᠶᠢᠭᠡᠮ ᠲᠤᠭᠤᠷᠢᠭ ᠪᠠ ᠭᠡᠷ ᠪᠦᠯᠢ ᠶᠢᠨ ᠪᠠᠴᠢᠮ ᠪᠠᠶᠢᠳᠠᠯ ᠢ ᠠᠷᠭᠠᠴᠠᠬᠤ ᠵᠡᠷᠭᠡ ᠮᠡᠳᠡᠯᠭᠡ ᠶᠢ ᠲᠦᠭᠡᠮᠡᠯᠵᠢᠭᠦᠯᠪᠡ᠃ ᠲᠠᠷᠠᠭ᠎ᠠ ᠨᠢ ᠭᠤᠷᠤᠬᠠᠨ ᠪᠠᠯᠭᠠᠰᠤᠨ ᠤ ᠬᠡᠦᠬᠡᠳ ᠤᠨ ᠴᠡᠴᠡᠷᠯᠢᠭ ᠲᠤ ᠬᠦᠷᠴᠦ ᠬᠡᠦᠬᠡᠳ ᠤᠳ ᠲᠤ ᠠᠮᠤᠷ ᠲᠦᠪᠰᠢᠨ ᠤ ᠮᠡᠳᠡᠯᠭᠡ ᠶᠢᠨ ᠬᠢᠴᠢᠶᠡᠯ ᠤᠷᠤᠵᠠᠢ᠃     ᠠᠵᠢᠯᠯᠠᠭ᠎ᠠ ᠶᠢᠨ ᠡᠴᠦᠰ ᠲᠤ᠂ ᠭᠤᠷᠤᠬᠠᠨ ᠪᠠᠯᠭᠠᠰᠤᠨ ᠤ ᠴᠠᠬᠢᠯᠭᠠᠨ ᠬᠦᠴᠦᠨ ᠤ ᠬᠦᠴᠦᠳᠡᠯ ᠥᠭᠡᠷᠡᠴᠢᠯᠡᠬᠦ ᠦᠷᠳᠡᠭᠡ ᠳᠤ ᠭᠦᠨᠵᠡᠭᠡᠶᠢᠷᠡᠨ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠤᠯᠪᠠᠰᠤᠷᠠᠯ ᠢ ᠥᠷᠨᠢᠭᠦᠯᠵᠦ᠂ ᠴᠠᠬᠢᠯᠭᠠᠨ ᠬᠦᠴᠦᠨ ᠤ ᠠᠵᠢᠯᠲᠠᠳ ᠪᠣᠯᠣᠨ ᠬᠤᠯᠪᠣᠭᠳᠠᠯ ᠪᠦᠬᠦᠢ ᠬᠥᠮᠥᠰ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠰᠢᠯᠭᠠᠨ ᠪᠠᠶᠢᠴᠠᠭᠠᠵᠠᠢ᠃     ᠲᠤᠰ ᠤᠳᠠᠭᠠᠨ ᠤ ᠠᠵᠢᠯᠯᠠᠭ᠎ᠠ ᠨᠢ ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠵᠦ᠂ ᠡᠯ᠎ᠡ ᠵᠦᠢᠯ ᠤᠨ ᠭᠠᠢ ᠭᠠᠮᠰᠢᠭ ᠢ ᠰᠢᠨᠵᠢᠯᠡᠬᠦ ᠤᠬᠠᠭᠠᠨᠴᠢ᠂ ᠪᠦᠲᠦᠮᠵᠢᠲᠡᠶ ᠪᠠᠷ ᠠᠷᠭᠠᠴᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号