5 ᠰᠠᠷ᠎ᠠ ᠶᠢᠨ 19 ᠤ ᠡᠳᠦᠷ᠂ 2025 ᠣᠨ ᠤ ᠪᠠᠷᠠᠭᠤᠨ ᠦᠵᠦᠮᠦᠴᠢᠨ ᠬᠤᠰᠢᠭᠤᠨ ᠤ ︽ | ᠦᠵᠡᠰᠬᠦᠯᠡᠩᠲᠦ ᠰᠠᠶᠢᠬᠠᠨ ᠠᠭᠤᠯᠠ ᠤᠰᠤ᠂ ᠪᠠᠶᠠᠷ ᠪᠠᠶᠠᠰᠬᠤᠯᠠᠩᠳᠣ ᠠᠶᠠᠯᠠᠯ ᠵᠢᠭᠤᠯᠴᠢᠯᠠᠯ︾ ᠳᠤᠮᠳᠠᠳᠤ | ᠤᠯᠤᠰ ᠤᠨ ᠵᠢᠭᠤᠯᠴᠢᠯᠠᠯ ᠶᠢᠨ ᠡᠳᠦᠷ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠪᠠᠷᠠᠭᠤᠨ ᠦᠵᠦᠮᠦᠴᠢᠨ | ᠬᠤᠰᠢᠭᠤᠨ ᠤ 99 ᠨᠤᠮᠧᠷᠳᠣ ᠵᠠᠮ ᠤᠨ ᠵᠢᠭᠤᠯᠴᠢᠯᠠᠯ ᠤᠨ ᠲᠠᠸᠠᠷ ᠤᠨ ᠳᠡᠯᠭᠡᠭᠦᠷ ᠲᠤ ᠶᠠᠪᠤᠭᠳᠠᠪᠠ᠃ | | | | ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ | ᠬᠤᠩ ᠭᠠᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ | ᠯᠢ ᠰᠢᠤᠸᠠᠢ ᠶᠢᠩ᠂ ᠬᠤᠰᠢᠭᠤ ᠳᠡᠳ᠋ ᠳᠠᠷᠤᠭ᠎ᠠ ᠮᠧᠩ ᠹᠠᠨ ᠸᠧᠢ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ | ᠳᠡᠳ᠋ ᠲᠡᠷᠢᠭᠦᠯᠡᠭᠴᠢ ᠶᠠᠩ ᠳ᠋ᠦᠩ ᠹᠧᠩ ᠵᠢᠴᠢ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ | ᠰᠣᠶᠣᠯ ᠵᠢᠭᠤᠯᠴᠢᠯᠠᠯ ᠤᠨ ᠦᠢᠯᠡᠰ ᠢ ᠭᠦᠭᠵᠢᠬᠦᠯᠬᠦ ᠲᠥᠪ᠂ ᠦᠢᠯᠠᠰ ᠵᠢᠭᠤᠯᠴᠢᠯᠠᠯ ᠤᠨ ᠦᠢᠯᠡᠰ ᠤᠨ | ᠭᠦᠭᠵᠢᠬᠦᠯᠦᠯᠳᠡ ᠶᠢᠨ ᠬᠢᠵᠠᠭᠠᠷᠲᠤ ᠺᠣᠮᠫᠠᠨᠢ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠠᠵᠢᠯᠯᠠᠭ᠎ᠠ ᠳᠤ | ᠣᠷᠣᠯᠴᠠᠪᠠ᠃ | ᠲᠤᠰ ᠤᠳᠠᠭᠠᠨ ᠤ ᠠᠵᠢᠯᠯᠠᠭ᠎ᠠ ᠶᠢ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠠᠴᠠ ᠭᠤᠣᠯᠯᠠᠨ ᠡᠷᠭᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠲᠠᠮᠢᠷ ᠵᠢᠭᠤᠯᠴᠢᠯᠠᠯ | ᠷᠠᠳᠢᠣ᠋ ᠲᠧᠯᠸᠢᠰ ᠲᠣᠪᠴᠢᠶ᠎ᠠ᠂ ᠰᠣᠶᠣᠯ ᠵᠤᠭᠠᠴᠠᠯ ᠤᠨ ᠦᠢᠯᠡᠰ ᠢ ᠭᠦᠭᠵᠢᠬᠦᠯᠬᠦ ᠲᠥᠪ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠥᠪ᠂ ᠦᠢᠯᠠᠰ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠳᠠᠭᠠᠭᠠᠴᠢᠯᠠᠨ ᠡᠷᠬᠢᠯᠠᠨ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ | ᠵᠤᠭᠠᠴᠠᠯ ᠤᠨ ᠨᠡᠶᠢᠭᠡᠮᠯᠢᠭ᠂ ᠪᠠᠷᠠᠭᠤᠨ ᠦᠵᠦᠮᠦᠴᠢᠨ ᠬᠤᠰᠢᠭᠤᠨ ᠤ ᠰᠠᠭᠰᠤᠨ ᠪᠥᠮᠪᠦᠭᠡ ᠶᠢᠨ ᠨᠡᠶᠢᠭᠡᠮᠯᠢᠭ ᠪᠣᠯᠣᠨ | ᠥᠪᠥᠷ ᠮᠣᠩᠭᠤᠯ ᠤᠨ ᠠᠷᠠᠳ ᠤᠨ ᠠᠭᠠᠷ ᠤᠨ ᠠᠶᠠᠯᠠᠯ ᠤᠨ ᠨᠢᠰᠬᠡᠯ ᠤᠨ ᠪᠠᠭᠤᠳᠠᠯ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠰᠢᠯᠢᠩᠬᠤᠲᠠ ᠶᠢᠨ ᠬᠤᠪᠢᠶᠠᠷᠢ ᠺᠣᠮᠫᠠᠨᠢ ᠠᠴᠠ ᠬᠠᠮᠵᠢᠯᠴᠠᠨ ᠡᠷᠬᠢᠯᠠᠪᠠ᠃ | | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠪᠠᠷᠠᠭᠤᠨ | ᠦᠵᠦᠮᠦᠴᠢᠨ ᠬᠤᠰᠢᠭᠤᠨ ᠤ 2025 ᠣᠨ ᠤ ︽5 · 19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ | ᠤᠨ ᠰᠢᠷᠢᠰ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠵᠡᠷᠯᠠᠪᠠ᠃ | | ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠲᠠᠷᠠᠭ᠎ᠠ᠂ ᠬᠤᠰᠢᠭᠤ ᠤᠳᠤᠷᠢᠳᠤᠯᠭ᠎ᠠ ᠨᠠᠷ ᠤᠯᠠᠨ ᠲᠠᠢ | ᠬᠠᠮᠲᠤ ᠪᠠᠷ 99 ᠨᠤᠮᠧᠷᠳᠣ ᠵᠠᠮ ᠤᠨ ᠵᠢᠭᠤᠯᠴᠢᠯᠠᠯ ᠤᠨ ᠲᠠᠸᠠᠷ ᠤᠨ ᠳᠡᠯᠭᠡᠭᠦᠷ ᠢ ᠲᠤᠭᠤᠷᠢᠨ ᠦᠵᠡᠵᠦ᠂ | ᠵᠢᠭᠤᠯᠴᠢᠯᠠᠯ ᠤᠨ ᠪᠦᠳᠦᠬᠡᠭᠳᠠᠬᠦᠨ ᠪᠠ ᠭᠠᠷ ᠤᠷᠠᠯᠠᠯ ᠤᠨ ᠪᠦᠲᠦᠭᠡᠭᠳᠡᠬᠦᠨ ᠤ ᠲᠤᠬᠠᠢ ᠨᠠᠷᠢᠨ ᠦᠢᠯᠠᠭᠠᠵᠡᠢ᠃ | ᠠᠵᠢᠯᠯᠠᠭ᠎ᠠ ᠳᠤ ᠣᠷᠣᠯᠴᠠᠭᠰᠠᠳ ᠨᠢ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠤᠨ ᠡᠭᠦᠳᠦᠯᠲᠡ ᠶᠢᠨ | ᠦᠵᠡᠭᠦᠯᠦᠯᠭᠡ ᠶᠢᠨ ᠲᠣᠭᠤᠷᠢᠭ ᠢ ᠲᠣᠭᠤᠷᠢᠨ ᠦᠵᠡᠵᠦ᠂ ᠭᠦᠨ ᠵᠤᠵᠠᠭᠠᠨ ᠰᠣᠶᠣᠯ ᠤᠨ ᠠᠭᠤᠯᠬᠤᠨ ᠪᠠ ᠰᠢᠨ᠎ᠡ ᠶᠢ | ᠡᠭᠦᠳᠬᠦ ᠠᠮᠢᠵᠢᠷᠠᠯ ᠤᠨ ᠬᠦᠴᠦᠨ ᠢ ᠣᠶᠢᠷ᠎ᠠ ᠵᠠᠢ ᠠᠴᠠ ᠦᠢᠯᠠᠭᠠᠭᠰᠠᠨ ᠤ ᠬᠠᠮᠲᠤ᠂ ᠪᠦᠭᠦ ᠬᠤᠰᠢᠭᠤᠨ ᠤ | ᠵᠤᠭᠠᠴᠠᠯ ᠳᠤ ᠬᠤᠯᠪᠣᠭᠳᠠᠭᠰᠠᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠬᠤᠷᠠᠯᠳᠣᠭᠤᠯᠤᠨ᠂ ᠪᠠᠷᠠᠭᠤᠨ | ᠦᠵᠦᠮᠦᠴᠢᠨ ᠬᠤᠰᠢᠭᠤᠨ ᠤ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠲᠣᠬᠢᠶᠠᠯ ᠪᠠ ᠰᠢᠨ᠎ᠡ ᠥᠷᠢᠰᠦᠯᠳᠦᠭᠡᠨ ᠤ | ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠵᠡᠢ᠃ | | | | | | | | |