ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠵᠤᠭᠠᠴᠠᠯ ᠤᠨ ᠤᠯᠠᠷᠢᠯ ᠤᠨ ︽ᠠᠮᠤᠷ ᠲᠦᠪᠰᠢᠨ ᠤ ᠲᠣᠣᠷ︾ ᠢ ᠨᠢᠭᠲᠠ ᠰᠦᠯᠵᠢᠪᠡ
ᠨᠡᠶᠢᠲᠡᠯᠡᠭᠰᠡᠨ ᠴᠠᠭ᠄
2025/5/21
     ᠠᠷᠪᠠᠨ ᠲᠠᠪᠤᠳᠠᠭᠢ ︽5 ·19 ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠵᠢᠴᠢ ᠵᠤᠨ ᠤ ᠤᠯᠠᠷᠢᠯ ᠤᠨ ᠵᠤᠭᠠᠴᠠᠯ ᠤᠨ ᠬᠦᠭᠵᠢᠶᠡᠨ ᠲᠠᠢ ᠴᠠᠭ ᠬᠦᠷᠴᠦ ᠢᠷᠡᠬᠦ ᠲᠠᠰᠢᠷᠠᠮ ᠪᠠᠷ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠵᠡᠷᠭᠡ ᠭᠤᠣᠯ ᠦᠵᠡᠮᠵᠢ ᠶᠢᠨ ᠣᠷᠣᠨ ᠢᠶᠠᠷ ᠭᠤᠣᠯᠳᠠᠯᠭ᠎ᠠ ᠪᠤᠯᠭᠠᠨ ᠤᠷᠢᠳᠴᠢᠯᠠᠨ ᠪᠠᠶᠢᠷᠢᠰᠢᠭᠤᠯᠵᠤ᠂ ᠠᠮᠤᠷ ᠲᠦᠪᠰᠢᠨ᠂ ᠲᠠᠭᠠᠯᠠᠮᠵᠢᠲᠠᠢ᠂ ᠡᠮᠬᠢ ᠳᠢᠭᠯᠢᠮ ᠲᠠᠢ ᠵᠢᠭᠤᠯᠴᠢᠯᠠᠯ ᠤᠨ ᠣᠷᠴᠢᠨ ᠲᠣᠭᠤᠷᠢᠨ ᠢ ᠪᠠᠶᠢᠭᠤᠯᠵᠤ᠂ ᠲᠦᠷᠪᠡᠨ ᠵᠦᠭ ᠨᠠᠢᠮᠠᠨ ᠵᠤᠪᠬᠢᠰ ᠠᠴᠠ ᠬᠦᠷᠦᠯᠴᠡᠨ ᠢᠷᠡᠭᠰᠡᠨ ᠵᠢᠭᠤᠯᠴᠢᠯᠠᠭᠰᠠᠳ ᠤᠨ ︽ᠪᠠᠶᠠᠷ ᠬᠦᠷ ᠲᠠᠢ ᠢᠷᠡᠵᠦ᠂ ᠠᠮᠤᠷ ᠲᠦᠪᠰᠢᠨ ᠢᠶᠠᠷ ᠪᠤᠴᠠᠬᠤ︾ ᠶᠢ ᠦᠨᠡᠨᠬᠦ ᠪᠠᠳᠤᠯᠠᠬᠤ ᠪᠠᠷ ᠪᠠᠶᠢᠨ᠎ᠠ᠃
          ᠦᠵᠡᠮᠵᠢ ᠶᠢᠨ ᠣᠷᠣᠨ ᠳᠤ ᠵᠤᠭᠠᠴᠠᠭᠰᠠᠳ ᠬᠤᠷᠠᠨ ᠴᠤᠭᠯᠠᠷᠠᠬᠤ ᠣᠨᠴᠠᠯᠢᠭ ᠲᠤ ᠴᠢᠭᠯᠡᠭᠦᠯᠦᠨ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ︽1᠂ 3᠂ 5︾ ᠮᠢᠨᠦ᠋ᠲ ᠤᠨ ᠲᠦᠷᠭᠡᠨ ᠲᠤᠰᠬᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠰᠡᠭ ᠺᠠᠳ᠋ᠷ ᠴᠠᠭᠳᠠᠭ᠎ᠠ ᠶᠢ ᠨᠢᠭᠡᠳᠦᠭᠡᠷ ᠹᠷᠣᠨᠲ ᠲᠤ ᠰᠤᠩᠭᠤᠨ ᠲᠤᠮᠢᠯᠠᠵᠤ᠂ ᠦᠨᠳᠦᠰᠦᠨ ᠱᠠᠳᠤᠨ ᠤ ᠲᠣᠮᠢᠯᠠᠭᠰᠠᠨ ᠰᠠᠯᠪᠤᠷᠢ ᠯᠤᠭ᠎ᠠ  ︽ᠲᠣᠥᠷᠵᠢᠭᠤᠯᠤᠭᠰᠠᠨ︾ ᠲᠣᠭᠤᠷᠢᠨ ᠴᠠᠭᠳᠠᠬᠤ ᠰᠢᠰᠲ᠋ᠧᠮ ᠢ ᠪᠣᠶ ᠪᠤᠯᠭᠠᠵᠠᠢ᠃ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠤᠨ ᠳᠠᠭᠠᠤ ᠮᠣᠩᠭᠤᠯ ᠬᠠᠨ ᠬᠤᠲᠠ ᠵᠤᠭᠠᠴᠠᠯ ᠤᠨ ᠤᠷᠤᠨ ᠵᠡᠷᠭᠡ ᠬᠠᠯᠠᠮᠰᠢᠯ ᠦᠵᠡᠮᠵᠢ ᠶᠢᠨ ᠭᠠᠵᠠᠷ ᠲᠤ ᠣᠨᠴᠠ ᠴᠠᠭᠳᠠᠭ᠎ᠠ᠂ ᠵᠠᠮ ᠬᠠᠷᠢᠯᠴᠠᠭᠠᠨ ᠤ ᠴᠠᠭᠳᠠᠭ᠎ᠠ᠂ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠨᠠᠷ ᠢ ᠲᠤᠮᠢᠯᠠᠨ ︽ᠴᠠᠭᠳᠠᠭᠠᠨ ᠲᠡᠷᠭᠡ  ᠪᠠᠷ ᠲᠣᠭᠤᠷᠢᠨ  ᠴᠠᠭᠳᠠᠬᠤ + ᠶᠠᠪᠠᠭᠠᠨ ᠴᠠᠭᠳᠠᠬᠤ + ᠵᠢᠯᠣᠭᠤᠴᠢ ᠦᠭᠡᠢ ᠨᠢᠰᠬᠡᠯ ᠢᠶᠠᠷ ᠴᠠᠭᠳᠠᠨ ᠪᠠᠶᠢᠴᠠᠭᠠᠬᠤ︾ ᠵᠡᠷᠬᠡ ᠰᠡᠷᠭᠡᠶᠢᠯᠡᠨ ᠡᠵᠡᠮᠳᠡᠬᠦ ᠠᠵᠢᠯᠯᠠᠭ᠎ᠠ ᠦᠷᠨᠢᠭᠦᠯᠬᠦ ᠪᠠᠷ ᠪᠠᠶᠢᠨ᠎ᠠ᠃
     ᠵᠤᠭᠠᠴᠠᠭᠰᠠᠳ ᠤᠨ ᠮᠠᠰᠢᠨ ᠲᠡᠷᠭᠡᠨ ᠤ ᠲᠦᠷᠭᠡᠨ ᠨᠡᠮᠡᠭᠳᠡᠬᠦ ᠢ ᠲᠠᠭᠠᠯᠳᠤᠨ᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠤᠨ ᠵᠠᠩᠭᠢᠯᠠᠭ᠎ᠠ ᠶᠢᠨ ᠴᠡᠭ ᠲᠤ ᠣᠶᠤᠨᠲᠤ ᠵᠠᠮ ᠬᠠᠷᠢᠯᠴᠠᠭᠠᠨ ᠤ ᠬᠢᠨᠠᠨ ᠬᠡᠮᠵᠢᠬᠦ ᠰᠢᠰᠲ᠋ᠧᠮ ᠢ ᠲᠣᠬᠢᠷᠠᠭᠤᠯᠵᠤ᠂ ᠲᠦᠭᠵᠢᠷᠡᠭᠰᠡᠨ ᠵᠠᠮ ᠢ ᠴᠠᠭ ᠲᠤᠬᠠᠢ ᠳᠤᠨᠢ ᠰᠡᠷᠡᠮᠵᠢᠯᠡᠭᠦᠯᠦᠨ ᠲᠠᠷᠬᠠᠭᠠᠵᠤ᠂ ︽ᠠᠯᠤᠰ ᠦᠵᠦᠭᠦᠷ ᠠᠴᠠ ᠰᠠᠯᠪᠦᠷᠢᠯᠠᠬᠤ + ᠣᠶᠢᠷ᠎ᠠ ᠦᠵᠦᠭᠦᠷ ᠠᠴᠠ ᠨᠡᠪᠲᠡᠷᠡᠭᠦᠯᠬᠦ︾ ᠲᠣᠭᠲᠠᠴᠠ ᠶᠢ ᠵᠡᠷᠭᠡᠪᠡᠷ ᠬᠡᠷᠡᠭᠵᠢᠭᠦᠯᠦᠨ᠂ ᠦᠵᠡᠮᠵᠢ ᠶᠢᠨ ᠣᠷᠣᠨ ᠤ ᠡᠷᠬᠢᠨ ᠲᠣᠭᠤᠷᠢᠨ ᠤ ᠵᠠᠮ ᠢ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ︽ᠠᠩᠬ᠎ᠠ ᠤᠳᠠᠭ᠎ᠠ ᠵᠥᠷᠢᠴᠡᠪᠡᠯ ᠲᠣᠷᠭᠠᠭᠤᠯᠢ ᠠᠴᠠ ᠬᠡᠯᠲᠦᠷᠢᠭᠦᠯᠬᠦ︾ ᠬᠠᠤᠯᠢ ᠬᠡᠷᠡᠭᠵᠢᠭᠦᠯᠦᠯᠲᠡ ᠶᠢ ᠬᠡᠷᠡᠭᠵᠢᠭᠦᠯᠵᠦ᠂ ᠵᠠᠮ ᠬᠠᠷᠢᠯᠴᠠᠭᠠᠨ ᠤ ᠬᠠᠤᠯᠢ ᠠᠴᠠ ᠪᠠᠭ᠎ᠠ ᠰᠠᠭ᠎ᠠ ᠵᠥᠷᠢᠴᠡᠭᠰᠡᠨ ᠠᠵᠢᠯᠯᠠᠭ᠎ᠠ ᠳᠤ ᠰᠤᠷᠭᠠᠨ ᠬᠥᠮᠥᠵᠢᠭᠦᠯᠬᠦ ᠪᠠᠷ ᠭᠤᠣᠯ ᠪᠣᠯᠭᠠᠵᠤ᠂ ᠥᠷᠭᠡᠨ ᠤᠯᠠᠨ ᠵᠢᠭᠤᠯᠴᠢᠯᠠᠭᠰᠠᠳ ᠲᠤ ᠠᠮᠤᠷ ᠲᠦᠪᠰᠢᠨ᠂ ᠡᠮᠬᠢ ᠳᠢᠭᠯᠢᠮ ᠲᠠᠢ᠂ ᠰᠠᠭᠠᠳ ᠦᠭᠡᠢ ᠨᠡᠪᠲᠡᠷᠡᠬᠦ ᠵᠠᠮ ᠨᠡᠪᠲᠡᠷᠡᠯᠭᠡ ᠶᠢᠨ ᠣᠷᠴᠢᠨ ᠢ ᠪᠤᠢ ᠪᠣᠯᠭᠠᠭᠰᠠᠨ ᠪᠠᠶᠢᠨ᠎ᠠ᠃     ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠤᠨ ᠮᠠᠷᠠᠽᠤᠨ ᠤᠷᠤᠯᠳᠤᠭᠠᠨ ᠵᠡᠷᠭᠡ ᠲᠣᠮᠣ ᠬᠡᠯᠪᠡᠷᠢ ᠶᠢᠨ ᠠᠵᠢᠯᠯᠠᠭ᠎ᠠ ᠳᠤ ᠴᠢᠭᠯᠡᠭᠦᠯᠦᠨ᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠠᠮᠤᠷ ᠲᠦᠪᠰᠢᠨ ᠤ ᠦᠨᠡᠯᠡᠨ ᠵᠢᠱᠢᠯᠲᠡ ᠶᠢ ᠤᠷᠢᠳᠴᠢᠯᠠᠨ ᠡᠬᠢᠯᠡᠭᠦᠯᠵᠦ᠂ ᠤᠷᠤᠯᠳᠤᠭᠠᠨ ᠤ ᠵᠠᠮ ᠳᠠᠭᠠᠤ ᠣᠷᠣᠨ ᠤ ᠳᠠᠯᠳᠠ ᠬᠡᠮ ᠢ ᠪᠠᠶᠢᠴᠠᠭᠠᠵᠤ᠂ ︽ᠨᠢᠭᠡ ᠠᠵᠢᠯᠯᠠᠭ᠎ᠠ ᠳᠤ ᠨᠢᠭᠡ ᠪᠡᠯᠡᠳᠬᠡᠯ ᠲᠥᠰᠥᠯ︾ ᠢ ᠲᠣᠭᠲᠠᠭᠠᠪᠠ᠃ ᠲᠠᠭᠤᠤ ᠬᠥᠭᠵᠢᠮ ᠤᠨ ᠨᠠᠶᠢᠷ᠂ ᠠᠷᠠᠳ ᠤᠨ ᠨᠠᠶᠢᠷ ᠨᠠᠭᠠᠳᠤᠮ ᠵᠡᠷᠭᠡ ᠠᠵᠢᠯᠯᠠᠭ᠎ᠠ ᠳᠤ᠂ ᠠᠷᠠᠳ ᠤᠨ ᠴᠠᠭᠳᠠᠭ᠎ᠠ ︽ᠴᠡᠭ ᠲᠣᠭᠲᠠᠭᠠᠬᠤ᠂ ᠠᠵᠢᠯ ᠤᠨ ᠪᠠᠶᠢᠷᠢ ᠲᠣᠭᠲᠠᠭᠠᠬᠤ᠂ ᠬᠥᠮᠥᠨ ᠲᠣᠭᠲᠠᠭᠠᠬᠤ᠂ ᠬᠠᠷᠢᠭᠤᠴᠠᠯᠭ᠎ᠠ ᠲᠣᠭᠲᠠᠭᠠᠬᠤ︾ ᠵᠠᠭᠪᠤᠷ ᠢ ᠬᠡᠷᠡᠭᠵᠢᠭᠦᠯᠦᠨ᠂ ᠲᠠᠶᠢᠰᠠᠨ ᠤ ᠪᠠᠶᠢᠭᠤᠯᠤᠯᠲᠠ᠂ ᠭᠠᠯ ᠤᠨᠲᠠᠷᠠᠭᠠᠬᠤ ᠲᠥᠬᠦᠭᠡᠷᠦᠮᠵᠢ᠂ ᠲᠦᠷ ᠴᠠᠭ ᠤᠨ ᠲᠡᠷᠭᠡᠨ ᠵᠣᠭᠰᠣᠭᠠᠯ ᠵᠡᠷᠭᠡ ᠭᠠᠵᠠᠷ ᠲᠤ ᠪᠥᠬᠦ ᠶᠠᠪᠤᠴᠠ ᠶᠢᠨ ᠬᠢᠨᠠᠨ ᠬᠠᠮᠢᠶᠠᠷᠤᠯᠲᠠ ᠶᠠᠪᠤᠭᠤᠯᠵᠤ᠂ ᠮᠠᠰᠢᠨ ᠲᠡᠷᠭᠡᠨ ᠤ ᠵᠤᠭᠰᠤᠭᠠᠯ ᠢ ᠨᠠᠷᠢᠯᠢᠭ ᠣᠨᠣᠴᠠᠲᠠᠢ ᠪᠠᠷ ᠲᠤᠬᠢᠷᠠᠭᠤᠯᠤᠨ᠂ ᠪᠠᠴᠢᠮ ᠪᠠᠶᠢᠳᠠᠯ ᠢ ᠠᠷᠭᠠᠴᠠᠬᠤ ᠡᠮᠴᠢᠯᠡᠭᠡᠨ ᠤ ᠴᠡᠭ ᠭᠠᠷᠭᠠᠵᠤ᠂ ᠵᠤᠭᠠᠴᠠᠭᠰᠠᠳ ᠤᠨ ᠠᠮᠤᠷ ᠲᠦᠪᠰᠢᠨ ᠢ ᠪᠠᠳᠤᠯᠠᠵᠤ ᠠᠵᠢᠯᠯᠠᠭ᠎ᠠ ᠶᠢᠨ ᠡᠯ᠎ᠡ ᠭᠤᠭᠴᠣᠭᠠᠨ ᠤ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠠᠬᠢᠭᠤᠯᠤᠭᠰᠠᠨ ᠪᠠᠶᠢᠨ᠎ᠠ᠃
    ᠦᠷ ᠴᠠᠶᠢᠬᠤ ᠠᠴᠠ ᠰᠥᠨᠢ ᠶᠢᠨ ᠬᠠᠷᠠᠩᠭᠤᠢ ᠪᠣᠯᠲᠠᠯ᠎ᠠ ᠵᠢᠵᠢᠭᠦᠷᠯᠡᠵᠦ ᠪᠠᠶᠢᠭ᠎ᠠ ᠺᠠᠳ᠋ᠷ ᠴᠠᠭᠳᠠᠭ᠎ᠠ ᠨᠠᠷ ︽ᠠᠵᠢᠯ ᠤᠨ ᠪᠠᠶᠢᠷᠢᠨ ᠳᠠᠭᠠᠨ ᠨᠢᠭᠡ ᠮᠢᠨᠦ᠋ᠲ ᠠᠵᠢᠯᠯᠠᠪᠠᠯ᠂ ᠵᠢᠷᠠᠨ ᠰᠧᠺᠦ᠋ᠨ᠋ᠳ᠋ ᠤᠨ ᠬᠠᠷᠢᠭᠤᠴᠠᠯᠭ᠎ᠠ ᠪᠠᠨ ᠭᠦᠢᠴᠡᠳᠬᠡᠬᠦ︾ ᠠᠵᠢᠯ ᠤᠨ ᠪᠠᠶᠢᠳᠠᠯ ᠢᠶᠠᠨ ᠢᠮᠠᠭᠲᠠ ᠪᠠᠷᠢᠮᠲᠠᠯᠠᠭᠰᠠᠭᠠᠷ ᠢᠷᠡᠵᠡᠶ᠃ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠤᠨ ᠳᠠᠭᠠᠤ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠨᠠᠷ ᠨᠢ ᠵᠠᠮ ᠬᠠᠷᠢᠯᠴᠠᠭᠠᠨ ᠤ ᠵᠠᠮᠴᠢᠯᠠᠭᠴᠢ ᠮᠥᠷᠲᠡᠭᠡᠨ ᠠᠶᠠᠯᠠᠯ ᠵᠢᠭᠤᠯᠴᠢᠯᠠᠯ ᠤᠨ ᠵᠥᠪᠯᠡᠯᠭᠡ ᠥᠭᠭᠦᠭᠴᠢ ᠪᠣᠯᠵᠤ᠂ ᠪᠠᠰᠠ ᠮᠠᠰᠢᠨ ᠲᠡᠷᠭᠡ ᠨᠢ ᠰᠠᠭᠠᠳ ᠤᠴᠠᠷᠠᠭᠰᠠᠨ ᠵᠢᠭᠤᠯᠴᠢᠯᠠᠭᠴᠢᠳ ᠲᠤ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠯᠲᠠ ᠬᠠᠩᠭᠠᠳᠠᠭ᠃ 2025 ᠣᠨ ᠤ 4 ᠰᠠᠷ᠎ᠠ ᠶᠢᠨ ᠣᠨᠴᠠᠭᠠᠢ ᠴᠠᠭ ᠠᠭᠤᠷ ᠤᠨ ᠬᠤᠭᠤᠴᠠᠭᠠᠨ ᠳᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠤᠯᠠᠨ ᠰᠠᠯᠠᠭ᠎ᠠ ᠮᠥᠴᠢᠷ ᠲᠠᠢ ᠬᠠᠮᠲᠤᠷᠠᠨ ᠵᠠᠮ ᠤᠨ ᠠᠪᠤᠷᠠᠨ ᠲᠤᠰᠠᠯᠠᠯᠲᠠ ᠥᠷᠨᠢᠭᠦᠯᠵᠦ᠂ 137 ᠬᠦᠴᠢᠷᠳᠡᠯ ᠳᠤ ᠤᠴᠠᠷᠠᠭᠰᠠᠨ ᠬᠥᠮᠥᠰ᠂ 56 ᠮᠠᠰᠢᠨ ᠲᠡᠷᠭᠡ ᠶᠢ ᠠᠪᠤᠷᠠᠨ ᠲᠤᠰᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠠᠷᠠᠳ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠠᠷᠠᠳ ᠲᠦᠮᠡᠨ ᠤ ᠪᠠᠨ ᠲᠥᠯᠥᠭᠡ︾ ᠭᠡᠰᠡᠨ ᠤᠭ ᠰᠠᠨᠠᠭ᠎ᠠ ᠶᠢ ᠦᠢᠯᠡᠳᠦᠯᠭᠡᠵᠢᠭᠦᠯᠦᠭᠰᠡᠨ ᠪᠠᠶᠢᠨ᠎ᠠ᠃ ᠡᠯ᠎ᠡ ᠴᠠᠭᠳᠠᠭᠠᠨ ᠤ ᠶᠡᠭᠡ ᠠᠩᠭᠢ ᠶᠢᠨ ᠬᠢᠨ ᠨᠢᠭᠲᠠ ᠬᠠᠮᠵᠢᠯᠴᠠᠵᠤ᠂ ︽ᠪᠦᠬᠦ ᠬᠡᠯᠬᠢᠶ᠎ᠡ︾ ᠶᠢᠨ ᠠᠮᠤᠷ ᠢ ᠬᠠᠮᠠᠭᠠᠯᠠᠬᠤ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠵᠤᠭᠠᠴᠠᠯ ᠤᠨ ᠤᠯᠠᠷᠢᠯ ᠳᠤ ︽ᠠᠳᠡᠯ ᠬᠡᠷᠡᠭ ᠦᠭᠡᠢ᠂ ᠵᠠᠭᠠᠯᠳᠤᠯᠭ᠎ᠠ ᠦᠭᠡᠢ᠂ ᠶᠠᠷᠢᠶ᠎ᠠ ᠬᠡᠯᠡᠯᠴᠡᠭᠡᠨ ᠤ ᠪᠠᠶᠢᠳᠠᠯ ᠦᠭᠡᠢ︾ ᠪᠠᠶᠢᠬᠤ ᠶᠢ ᠪᠠᠲᠤᠯᠠᠵᠠᠢ᠃     ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠢᠶᠠᠷ ᠭᠤᠤᠯᠳᠠᠯᠭ᠎ᠠ ᠪᠣᠯᠭᠠᠵᠤ᠂ ᠠᠮᠤᠷ ᠲᠦᠪᠰᠢᠨ ᠤ ᠬᠠᠮᠠᠭᠠᠯᠠᠯᠲᠠ ᠶᠢ ᠦᠵᠡᠮᠵᠢ ᠶᠢᠨ ᠤᠷᠤᠨ ᠪᠣᠯᠭᠠᠨ ᠳᠤ   ᠪᠠᠶᠢᠷᠢᠯᠠᠭᠤᠯᠵᠠᠢ᠃ 2025 ᠣᠨ ᠤ ᠵᠤᠭᠠᠴᠠᠯ ᠤᠨ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠲᠠᠯ᠎ᠠ ᠨᠤᠲᠤᠭ ᠤᠨ ᠴᠠᠭᠳᠠᠭᠠᠨ ᠤ ᠡᠩᠨᠡᠭᠡ ᠨᠢ ᠦᠷᠭᠦᠯᠵᠢᠯᠡᠨ ᠠᠮᠤᠷ ᠲᠦᠪᠰᠢᠨ ᠤ ᠠᠵᠢᠯ ᠤᠨ ᠪᠠᠶᠢᠷᠢᠯᠠᠭᠤᠯᠤᠯᠲᠠ ᠶᠢ ᠴᠢᠩᠭᠠᠳᠬᠠᠨ᠂ ᠡᠭᠦᠷᠭᠡ ᠬᠠᠷᠢᠭᠤᠴᠠᠯᠭ᠎ᠠ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ︽ᠳᠤᠮᠳᠠᠳᠤ ᠤᠯᠤᠰ ᠤᠨ ᠬᠠᠮᠤᠭ ᠤᠨ ᠭᠤᠶᠤ ᠲᠠᠯ᠎ᠠ ᠨᠤᠲᠤᠭ ᠤᠨ ᠵᠢᠭᠤᠯᠴᠢᠯᠠᠯ ᠤᠨ ᠵᠤᠷᠢᠯᠳᠠᠲᠦ ᠤᠷᠤᠨ︾ ᠢ ᠴᠣᠭᠴᠠᠯᠠᠬᠤ ᠳᠤ ᠳᠣᠲᠣᠭᠠᠳᠤ ᠶᠢ ᠬᠠᠮᠠᠭᠠᠯᠠᠬᠤ ᠬᠦᠴᠦᠨ ᠴᠢᠳᠠᠯ ᠢᠶᠠᠨ ᠡᠷᠭᠦᠬᠦ ᠪᠠᠷ ᠪᠡᠯᠡᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号