ᠠᠶᠠᠯᠠᠯ  ᠲᠠᠭᠤᠯᠠᠯ ᠤᠨ ᠦᠪᠤᠷ ᠮᠤᠩᠭᠤᠯ᠂  ᠤᠮᠠᠷᠠᠳᠣ ᠬᠢᠯᠢ ᠶᠢᠨ ᠴᠤᠤᠷᠢᠶ᠎ᠠ—— ᠪᠠᠯᠭᠠᠷ ᠤᠨ ᠴᠠᠩᠬᠡᠬᠦᠨ ᠦᠳᠠᠰᠢ ᠤᠯᠠᠨ ᠲᠦᠮᠠᠨᠴᠢ ᠰᠣᠶᠤᠯ ᠤᠷᠠᠯᠢᠭ ᠤᠨ ᠲᠤᠭᠯᠠᠯᠳᠠ ᠭᠦᠭᠵᠢᠶᠡᠨᠳᠡᠢ ᠰᠠᠶᠢᠬᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2025/5/21
    5 ᠰᠠᠷ᠎ᠠ ᠶᠢᠨ 17 ᠤ ᠦᠳᠡ ᠶᠢᠨ ᠬᠤᠶᠢᠨ᠎ᠠ᠂ ᠠᠶᠠᠯᠠᠯ ᠲᠠᠭᠤᠯᠠᠯ ᠤᠨ ᠦᠪᠤᠷ ᠮᠤᠩᠭᠤᠯ᠂ ᠤᠮᠠᠷᠠᠳᠣ ᠬᠢᠯᠢ ᠶᠢᠨ ᠴᠤᠤᠷᠢᠶ᠎ᠠ—— ᠪᠠᠯᠭᠠᠷ ᠤᠨ ᠴᠠᠩᠬᠡᠬᠦᠨ ᠦᠳᠠᠰᠢ ᠤᠯᠠᠨ ᠲᠦᠮᠠᠨᠴᠢ ᠰᠣᠶᠤᠯ ᠤᠷᠠᠯᠢᠭ ᠤᠨ ᠲᠤᠭᠯᠠᠯᠳᠠ ᠦᠵᠦᠮᠦᠴᠢᠨ ᠰᠣᠶᠣᠯ ᠤᠨ ᠠᠭᠤᠳᠠᠮ ᠲᠠᠯᠠᠪᠠᠶ ᠳᠤ ᠬᠥᠷ ᠬᠥᠭᠵᠢᠶᠡᠨ ᠲᠠᠢ ᠶᠠᠪᠤᠭᠳᠠᠪᠠ᠃         ᠲᠤᠰ ᠤᠳᠠᠭᠠᠨ ᠤ ᠠᠵᠢᠯᠯᠠᠭ᠎ᠠ ᠶᠢ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠤᠭᠠᠴᠠᠯ ᠤᠨ ᠦᠢᠯᠡᠰ ᠢ ᠭᠦᠭᠵᠢᠬᠦᠯᠬᠦ ᠲᠥᠪ ᠠᠴᠠ ᠳᠠᠭᠠᠭᠠᠴᠢᠯᠠᠨ ᠡᠷᠬᠢᠯᠠᠨ᠂ 7 ᠰᠤᠮᠤ ᠪᠠᠯᠭᠠᠰᠤ ᠬᠠᠮᠵᠢᠯᠴᠠᠨ ᠡᠷᠬᠢᠯᠡᠵᠡᠢ᠃     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠦᠵᠦᠮᠦᠴᠢᠨ ᠨᠤᠲᠤᠭ ᠤᠨ ᠰᠣᠶᠣᠯ ᠢ ᠤᠯᠠᠮᠵᠢᠯᠠᠨ ᠳᠡᠯᠭᠡᠷᠡᠭᠦᠯᠬᠦ ᠵᠣᠷᠢᠯᠭ᠎ᠠ ᠪᠠᠷ ᠶᠠᠪᠤᠭᠳᠠᠪᠠ  ᠃    ᠲᠣᠭᠯᠠᠯᠲᠠ ᠨᠢ  ︽ᠬᠥᠯᠥᠨ ᠪᠤᠶᠢᠷ ᠤᠨ ᠲᠠᠯ᠎ᠠ ᠨᠤᠲᠤᠭ︾᠂ ︽ᠲᠠᠯ᠎ᠠ ᠨᠤᠲᠤᠭ ᠤᠨ ᠰᠥᠨᠢ ᠶᠢᠨ ᠦᠵᠡᠮᠵᠢ︾᠂ ︽ᠴᠠᠭᠠᠨ ᠲᠤᠬᠤᠢ ᠨᠤᠲᠤᠭ︾᠂ ︽ᠭᠦᠳᠡᠭᠡ ᠲᠠᠯ᠎ᠠ ᠳᠤ ᠮᠦᠩᠬᠡ ᠶᠢᠨ ᠨᠠᠷᠠ ᠮᠠᠨᠳᠤᠯ᠎ᠠ︾  ︽ᠦᠵᠡᠰᠬᠦᠯᠡᠩᠲᠦ ᠰᠠᠶᠢᠬᠠᠨ ᠦᠵᠦᠮᠦᠴᠢᠨ︾ ᠵᠡᠷᠭᠡ ᠭᠤᠶᠢᠳᠠ ᠰᠠᠶᠢᠬᠠᠨ ᠲᠤᠭᠯᠠᠯᠳᠠ  ᠭᠠᠷᠭᠠᠵᠦ᠂ ᠲᠤᠬᠠᠢ   ᠶᠢᠨ ᠲᠠᠯᠠᠪᠠᠶ ᠳᠤ ᠪᠠᠶᠠᠷ ᠪᠠᠶᠠᠰᠤᠯ ᠪᠠ ᠥᠯᠵᠡᠢ ᠪᠡᠯᠭᠡ ᠲᠠᠢ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃    ᠣᠶᠢᠯᠠᠭᠠᠭᠰᠠᠨ ᠢᠶᠠᠷ᠂ ︽ᠠᠶᠠᠯᠠᠯ  ᠲᠠᠭᠤᠯᠠᠯ ᠤᠨ ᠦᠪᠤᠷ ᠮᠤᠩᠭᠤᠯ᠂ ᠤᠮᠠᠷᠠᠳᠣ ᠬᠢᠯᠢ ᠶᠢᠨ ᠴᠤᠤᠷᠢᠶ᠎ᠠ—— ᠪᠠᠯᠭᠠᠷ ᠤᠨ ᠴᠠᠩᠬᠡᠬᠦᠨ ᠦᠳᠠᠰᠢ︾ ᠣᠯᠠᠨ ᠲᠦᠮᠠᠨᠴᠢ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ 8 ᠰᠠᠷ᠎ᠠ ᠶᠢᠨ 15 ᠤ ᠡᠳᠦᠷ ᠪᠣᠯᠲᠠᠯ᠎ᠠ ᠭᠠᠷᠠᠭ ᠪᠦᠷᠢ ᠶᠢᠨ ᠲᠠᠪᠤᠨ ᠤ 19᠄ 30   ᠠᠴᠠ 20᠄ 30  ᠭᠦᠷᠳᠠᠯ᠎ᠠ ᠶᠠᠪᠤᠭᠳᠠᠨ᠂ ᠡᠯ᠎ᠡ ᠰᠤᠮᠤ ᠪᠠᠯᠭᠠᠰᠤᠨ ᠤ ᠤᠳᠬ᠎ᠠ ᠤᠷᠠᠯᠢᠭ ᠤᠨ ᠪᠦᠯᠬᠦᠮ᠂ ᠨᠡᠶᠢᠭᠡᠮ ᠲᠣᠭᠤᠷᠢᠭ ᠤᠨ ᠤᠷᠠᠯᠢᠭ ᠤᠨ ᠪᠦᠯᠬᠦᠮ᠂ ᠠᠷᠠᠳ ᠤᠨ ᠨᠡᠶᠢᠭᠡᠮᠯᠢᠭ᠂ ᠰᠠᠶᠢᠨ ᠲᠤᠷᠠᠴᠤᠳ ᠤᠨ ᠦᠢᠯᠡᠴᠢᠯᠡᠭᠡᠨ ᠤ ᠠᠩᠭᠢ  ᠤᠷᠤᠯᠴᠠᠵᠦ᠂ ᠲᠤᠬᠠᠢ ᠶᠢᠨ ᠭᠠᠵᠠᠷ ᠤᠨ ᠤᠯᠠᠨ ᠲᠦᠮᠡᠨ ᠪᠣᠯᠣᠨ ᠵᠤᠭᠠᠴᠠᠭᠰᠠᠳ ᠲᠤ  ᠥᠪᠡᠳᠡᠭᠰᠢ ᠰᠠᠶᠢᠬᠠᠨ ᠲᠤᠭᠯᠠᠯᠳᠠ ᠭᠦᠷᠬᠡᠬᠦ  ᠪᠠᠷ ᠪᠠᠷᠠᠬᠤ ᠦᠭᠡᠢ᠂ ᠤᠷᠠᠯᠢᠭ ᠰᠣᠶᠣᠯ ᠤᠨ ᠰᠣᠯᠢᠯᠴᠠᠭ᠎ᠠ ᠶᠢ ᠠᠬᠢᠭᠤᠯᠵᠤ᠂ ᠭᠠᠵᠠᠷ ᠣᠷᠣᠨ ᠤ ᠰᠣᠶᠣᠯ ᠤᠨ ᠴᠡᠴᠡᠭᠯᠡᠯ ᠬᠥᠭᠵᠢᠯ ᠳᠤ ᠬᠦᠴᠦᠨ  ᠨᠡᠮᠡᠷᠢᠯᠠᠬᠦ ᠪᠤᠯᠦᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号