ᠪᠠᠶᠠᠨᠬᠤᠸᠠ ᠪᠠᠯᠭᠠᠰᠤ ᠬᠠᠪᠤᠷ ᠠᠴᠠ ᠨᠠᠰᠢ ᠤᠯᠠᠨ ᠤᠳᠠᠭ᠎ᠠ ᠰᠤᠳᠤᠯᠤᠨ ᠶᠠᠷᠢᠯᠴᠠᠵᠦ᠂ ᠳᠤᠬᠢᠷᠠᠭᠤᠯᠤᠯᠲᠠ | ᠬᠢᠭᠦ ᠪᠠᠷ ᠳᠠᠮᠵᠢᠨ ᠪᠦᠭᠦ ᠪᠠᠯᠭᠠᠰᠤᠨ ᠤ ᠮᠠᠯ ᠡᠮᠨᠡᠯᠭᠡ᠂ ᠬᠢᠵᠢᠭ ᠰᠡᠷᠭᠡᠶᠢᠯᠡᠬᠦ ᠠᠵᠢᠯ ᠢᠶᠠᠨ ᠳᠤᠬᠠᠶᠢᠯᠠᠭᠰᠠᠨ | ᠠᠵᠢᠯ ᠤᠨ ᠺᠤᠮᠫᠠᠨᠢ ᠳᠤ ᠳᠠᠭᠠᠭᠠᠴᠢᠯᠠᠭᠤᠯᠤᠨ ᠠᠵᠢᠯᠯᠠᠭᠤᠯᠤᠭᠠᠳ ᠤᠬᠤᠷᠬᠠᠨ ᠬᠤᠭᠤᠴᠠᠭᠠᠨ ᠳᠤ ᠠᠵᠢᠯ ᠤᠨ | ᠴᠢᠨᠠᠷᠵᠢᠯ᠂ ᠬᠤᠷᠳᠤᠴᠠ ᠵᠡᠷᠭᠡ ᠤᠯᠠᠨ ᠲᠠᠯ᠎ᠠ ᠪᠠᠷ ᠰᠢᠨ᠎ᠡ ᠰᠢᠪᠳᠤᠯᠤᠯᠲᠠ ᠶᠢ ᠪᠡᠶᠡᠯᠡᠭᠦᠯᠵᠦ᠂ ᠦᠩᠭᠡᠷᠡᠭᠰᠡᠨ ᠤ | ᠳᠡᠷᠡᠭᠦ ᠠᠵᠢᠯ ᠤᠨ ᠬᠠᠷᠢᠭᠤᠴᠠᠯᠭ᠎ᠠ ᠳᠤᠳᠤᠷᠬᠠᠢ ᠦᠭᠡᠢ᠂ ᠲᠠᠷᠢᠯᠭ᠎ᠠ ᠶᠢᠨ ᠴᠠᠭ ᠬᠤᠭᠤᠴᠠᠭ᠎ᠠ ᠤᠳᠠᠭᠠᠰᠢᠷᠠᠬᠤ᠂ ᠡᠮ | ᠸᠠᠺᠽᠢᠨ ᠢ ᠬᠠᠳᠠᠭᠠᠯᠠᠵᠦ ᠵᠦᠭᠡᠭᠡᠪᠦᠷᠢᠯᠡᠬᠦ ᠨᠢ ᠪᠠᠷᠢᠮᠵᠢᠶ᠎ᠠ ᠳᠤ ᠨᠡᠶᠢᠴᠡᠬᠦ ᠦᠭᠡᠢ᠂ ᠬᠢᠵᠢᠭ ᠰᠡᠷᠭᠡᠶᠢᠯᠡᠭᠴᠢ ᠶᠢᠨ ᠬᠡᠪ | ᠪᠤᠯᠪᠠᠰᠤᠷᠠᠯ ᠳᠤᠤᠷ᠎ᠠ ᠵᠡᠷᠭᠡ ᠪᠠᠶᠢᠳᠠᠯ ᠢ ᠲᠤᠶᠢᠯᠪᠦᠷᠢᠲᠠᠢ ᠬᠤᠪᠢᠷᠠᠭᠤᠯᠵᠦ᠂ ᠮᠠᠯᠴᠢᠨ ᠳᠦᠮᠡᠨ ᠤ ᠬᠠᠨᠤᠮᠵᠢ | ᠬᠦᠷᠢᠶᠡᠯᠡᠯ ᠢ ᠤᠯᠵᠦ ᠪᠠᠶᠢᠨ᠎ᠠ᠃ | ᠲᠤᠰ ᠪᠠᠯᠭᠠᠰᠤ ᠮᠡᠷᠭᠡᠵᠢᠯ ᠤᠨ ᠳᠠᠪᠠᠭᠤᠯᠢᠭ ᠲᠠᠢ᠂ ᠨᠤᠲᠤᠭ ᠤᠷᠤᠨ ᠤ ᠠᠵᠢᠯ ᠤᠨ ᠳᠤᠷᠰᠢᠯᠭ᠎ᠠ ᠲᠠᠢ ︽ | ᠰᠠᠷᠠᠭᠤᠯᠪᠤᠯᠠᠭ︾ ᠮᠠᠯ ᠠᠵᠦ ᠠᠬᠤᠢ ᠶᠢᠨ ᠰᠢᠨᠵᠢᠯᠡᠬᠦ ᠤᠬᠠᠭᠠᠨ ᠤ ᠬᠢᠵᠠᠭᠠᠷᠳᠦ ᠺᠤᠮᠫᠠᠨᠢ ᠳᠤ ᠡᠨᠡᠬᠦ ᠠᠵᠢᠯ ᠢ | ᠳᠠᠭᠠᠭᠠᠴᠢᠯᠠᠭᠤᠯᠵᠦ᠂ ᠪᠠᠶᠠᠨᠬᠤᠸᠠ ᠮᠠᠯ ᠡᠮᠨᠡᠯᠭᠡ ᠶᠢᠨ ᠤᠶᠢᠯᠡᠴᠢᠯᠡᠭᠡᠨ ᠤ ᠬᠢᠵᠠᠭᠠᠷᠳᠦ ᠺᠤᠮᠫᠠᠨᠢ ᠨᠢ ᠪᠤᠳᠠᠳᠦ | ᠠᠵᠢᠯ ᠢ ᠬᠠᠷᠢᠭᠤᠴᠠᠨ ᠬᠢᠭᠦ ᠪᠠᠷ ᠳᠤᠭᠲᠠᠭᠰᠠᠨ ᠤ ᠳᠠᠷᠠᠭ᠎ᠠ ᠲᠤᠰ ᠬᠤᠶᠠᠷ ᠺᠤᠮᠫᠠᠨᠢ ᠨᠢ ᠳᠠᠷᠤᠢ ᠳᠤᠨᠢ | ᠳᠤᠬᠠᠶᠢᠯᠠᠭᠰᠠᠨ ᠠᠵᠢᠯ ᠤᠨ ᠮᠡᠷᠭᠡᠵᠢᠯ ᠤᠨ ᠪᠤᠯᠪᠠᠰᠤᠷᠠᠯ ᠡᠷᠬᠢᠯᠡᠵᠦ᠂ 38 ᠬᠢᠵᠢᠭ ᠰᠡᠷᠭᠡᠶᠢᠯᠡᠭᠴᠢ ᠶᠢ ᠰᠢᠯᠭᠠᠨ | ᠡᠯᠰᠡᠵᠦ᠂ 7 ᠳᠤᠭᠤᠶᠢᠯᠠᠩ ᠬᠤᠪᠢᠶᠠᠵᠦ᠂ ᠪᠦᠬᠦ ᠪᠠᠯᠭᠠᠰᠤᠨ ᠤ 18 ᠭᠠᠴᠠᠭ᠎ᠠ᠂ 4 ᠰᠠᠭᠤᠭᠠᠯᠢ ᠠᠷᠠᠳ ᠤᠨ ᠪᠠᠭ᠎ᠠ | ᠳᠤᠭᠤᠶᠢᠯᠠᠩ ᠤᠨ ᠬᠠᠪᠤᠷ ᠤᠨ ᠤᠯᠠᠷᠢᠯ ᠤᠨ ᠮᠠᠯ ᠤᠨ ᠬᠢᠵᠢᠭ ᠰᠡᠷᠭᠡᠶᠢᠯᠡᠯᠲᠡ ᠶᠢᠨ ᠲᠠᠷᠢᠯᠭ᠎ᠠ ᠶᠢᠨ ᠠᠵᠢᠯ ᠢ ᠵᠡᠷᠭᠡ | ᠳᠤᠨᠢ ᠡᠬᠢᠯᠡᠭᠦᠯᠬᠦ ᠶᠢ ᠪᠡᠶᠡᠯᠡᠭᠦᠯᠵᠦ᠂ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠤᠳᠦ ᠪᠤᠯᠲᠠᠯ᠎ᠠ 1620 | ᠡᠷᠤᠬᠡ ᠶᠢᠨ ᠲᠠᠷᠢᠯᠭ᠎ᠠ ᠶᠢᠨ ᠠᠵᠢᠯ ᠢ ᠪᠠᠷᠠᠭᠠᠵᠦ᠂ ᠨᠠᠶᠢᠲᠡ 86000 ᠦᠬᠡᠷ᠂ 367000 ᠭᠠᠷᠤᠢ ᠪᠤᠭ | ᠮᠠᠯ ᠳᠤ ᠠᠯᠪᠠᠳᠠᠯᠭ᠎ᠠ ᠶᠢᠨ ᠴᠢᠨᠠᠷᠲᠠᠢ ᠲᠠᠷᠢᠯᠭ᠎ᠠ ᠪᠤᠯᠤᠨ ᠳᠦᠯᠦᠪᠯᠡᠭᠡᠳᠦ ᠲᠠᠷᠢᠯᠭ᠎ᠠ ᠶᠢ ᠬᠢᠵᠦ᠂ ᠲᠠᠷᠢᠯᠭ᠎ᠠ ᠶᠢᠨ | ᠳᠠᠩᠰᠠ ᠡᠪᠬᠡᠮᠡᠯ᠂ ᠪᠠᠶᠢᠷᠢ ᠳᠤᠭᠲᠠᠭᠠᠯᠲᠠ ᠶᠢ ᠴᠦᠮ ᠤᠶᠤᠨᠴᠢ ᠬᠠᠮᠢᠶᠠᠷᠤᠯᠲᠠ ᠳᠤ ᠤᠷᠤᠭᠤᠯᠵᠦ᠂ ᠳᠤᠰᠬᠠᠢ | ᠲᠡᠷᠭᠡ ᠳᠤᠬᠢᠷᠠᠭᠤᠯᠵᠦ ᠲᠠᠷᠢᠯᠭ᠎ᠠ ᠶᠢᠨ ᠸᠠᠺᠽᠢᠨ ᠢ ᠳᠤᠭᠲᠠᠭᠰᠠᠨ ᠬᠠᠳᠠᠭᠠᠯᠠᠬᠤ ᠳᠤᠯᠠᠭᠠᠨ ᠢ ᠪᠠᠳᠤᠯᠠᠨ ᠴᠠᠭ ᠳᠤᠬᠠᠢ | ᠳᠤᠨᠢ ᠡᠯ᠎ᠡ ᠭᠠᠴᠠᠭ᠎ᠠ ᠳᠤᠭᠤᠶᠢᠯᠠᠩ ᠲᠠᠬᠢ ᠬᠢᠵᠢᠭ ᠰᠡᠷᠭᠡᠶᠢᠯᠡᠭᠴᠢ ᠶᠢᠨ ᠭᠠᠷ ᠲᠤ ᠬᠦᠷᠭᠡᠬᠦ ᠶᠢ ᠪᠠᠶᠠᠯᠠᠭᠦᠯᠪᠡ᠃ | ᠢᠩᠬᠢᠭᠰᠡᠨ ᠢᠶᠠᠷ ᠳᠠᠷᠢᠯᠭ᠎ᠠ ᠶᠢᠨ ᠴᠢᠨᠠᠷᠵᠢᠯ ᠳᠡᠭᠡᠭᠰᠢᠯᠡᠭᠰᠡᠨ ᠪᠦᠭᠡᠳ ᠡᠳᠤᠷ ᠪᠦᠷᠢ ᠳᠤᠮᠳᠠᠴᠢ ᠪᠠᠷ 70— | 90 ᠡᠷᠤᠬᠡ ᠶᠢᠨ ᠮᠠᠯ ᠳᠤ ᠳᠠᠷᠢᠯᠭ᠎ᠠ ᠬᠢᠬᠦ ᠶᠢ ᠪᠡᠶᠡᠯᠡᠭᠦᠯᠵᠦ᠂ ᠪᠦᠬᠦ ᠪᠠᠯᠭᠠᠰᠤᠨ ᠤ ᠮᠠᠯ ᠤᠨ ᠬᠢᠵᠢᠭ ᠰᠡᠷᠭᠡᠶᠢᠯᠡᠬᠦ | ᠲᠠᠷᠢᠯᠭ᠎ᠠ ᠳᠤ ᠬᠡᠷᠡᠭᠰᠡᠬᠦ ᠬᠤᠭᠤᠴᠠᠭ᠎ᠠ ᠶᠢ 20 ᠭᠠᠷᠤᠢ ᠡᠳᠤᠷ ᠪᠤᠭᠤᠨᠢᠰᠬᠠᠵᠦ᠂ ᠮᠠᠯᠵᠢᠬᠤ ᠤᠶᠢᠯᠡᠳᠪᠦᠷᠢᠯᠡᠯ ᠳᠤ | ᠪᠠᠰᠠ ᠨᠢᠭᠡ ᠳᠦᠭᠦᠮ ᠨᠦᠭᠦᠴᠡᠯ ᠢ ᠬᠠᠩᠭᠠᠵᠠᠢ᠃ |