ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 19 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ | ᠨᠠᠶᠢᠷᠠᠭᠤᠯᠤᠭᠰᠠᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢᠨ ᠰᠤᠷᠤᠯᠴᠠᠯᠭ᠎ᠠ ᠶᠢᠨ ᠤᠨᠤᠯ ᠤᠨ ᠴᠤᠪᠤᠷᠠᠯ︾ ᠤᠨ ᠠᠷᠪᠠᠨ ᠨᠢᠭᠡᠳᠦᠭᠡᠷ ᠡᠮᠬᠢᠳᠬᠡᠯ ᠠᠴᠠ | ᠠᠷᠪᠠᠨ ᠲᠠᠪᠤᠳᠤᠭᠠᠷ ᠡᠮᠬᠢᠳᠬᠡᠯ ᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ | ᠪᠦᠭᠦ ᠤᠯᠤᠰ ᠲᠤ ᠲᠠᠷᠬᠠᠭᠠᠪᠠ᠃ | ᠲᠤᠰ ᠨᠣᠮ ᠤᠨ ᠠᠷᠪᠠᠨ ᠨᠢᠭᠡᠳᠦᠭᠡᠷ ᠡᠮᠬᠢᠳᠬᠡᠯ ᠠᠴᠠ ᠠᠷᠪᠠᠨ ᠲᠠᠪᠤᠳᠤᠭᠠᠷ ᠡᠮᠬᠢᠳᠬᠡᠯ ᠳᠤ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ | 2023 ᠣᠨ ᠤ 11 ᠰᠠᠷ᠎ᠠ ᠠᠴᠠ ᠨᠠᠭᠠᠰᠢᠬᠢ ᠵᠣᠬᠢᠶᠠᠨ ᠪᠠᠶᠢᠭᠤᠯᠵᠤ ᠲᠤᠭᠤᠷᠪᠢᠨ ᠪᠢᠴᠢᠭᠰᠡᠨ ᠪᠥᠭᠡᠳ ᠠᠷᠠᠳ ᠤᠨ | ᠡᠳᠦᠷ ᠤᠨ ᠰᠣᠨᠢᠨ᠂ ︽ᠦᠨᠡᠨ︾ ᠰᠡᠳᠬᠦᠯ ᠵᠡᠷᠭᠡ ᠳᠤ ᠨᠡᠶᠢᠲᠡᠯᠡᠭᠰᠡᠨ ᠨᠡᠶᠢᠲᠡ 29 ᠰᠢᠷᠢᠰ ᠤᠨᠤᠯ ᠤᠨ ᠤᠬᠠᠭᠤᠯᠭ᠎ᠠ ᠶᠢᠨ | ᠵᠣᠬᠢᠶᠠᠯ ᠢ ᠣᠷᠣᠭᠤᠯᠵᠤ᠂ ᠪᠠᠷᠤᠭ 23 ᠲᠦᠮᠡᠨ ᠦᠰᠦᠭ ᠲᠠᠢ᠃ ᠡᠳᠡᠭᠡᠷ ᠵᠣᠬᠢᠶᠠᠯ ᠨᠢ ᠶᠡᠷᠦᠩᠬᠡᠢ ᠱᠦᠵᠢ ᠰᠢ ᠶᠢᠨ | ᠫᠢᠩ ᠤᠨ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ᠰᠢᠨ᠎ᠡ | ᠴᠠᠭ ᠦᠶ᠎ᠡ ᠶᠢᠨ ᠨᠠᠮ ᠤᠨ ᠰᠢᠨ᠎ᠡ ᠡᠭᠦᠳᠦᠯᠲᠡ ᠶᠢᠨ ᠤᠨᠤᠯ ᠤᠨ ᠰᠢᠰᠲ᠋ᠧᠮᠵᠢᠭᠰᠡᠨ ᠰᠤᠳᠤᠯᠭᠠᠨ᠂ ᠶᠣᠰᠣ ᠵᠦᠢᠴᠢᠯᠡᠭᠰᠡᠨ | ᠲᠠᠶᠢᠯᠪᠤᠷᠢᠯᠠᠯᠲᠠ ᠶᠢ ᠴᠢᠷᠮᠠᠶᠢᠨ ᠠᠬᠢᠭᠤᠯᠪᠠ᠃ ᠲᠤᠰ ᠨᠣᠮ ᠤᠨ ᠨᠢᠭᠡᠳᠦᠭᠡᠷ ᠡᠮᠬᠢᠳᠬᠡᠯ ᠠᠴᠠ ᠲᠠᠪᠤᠳᠤᠭᠠᠷ ᠡᠮᠬᠢᠳᠬᠡᠯ᠂ | ᠵᠢᠷᠭᠤᠳᠤᠭᠠᠷ ᠡᠮᠬᠢᠳᠬᠡᠯ ᠠᠴᠠ ᠠᠷᠪᠠᠳᠤᠭᠠᠷ ᠡᠮᠬᠢᠳᠬᠡᠯ ᠢ ᠲᠤᠰ ᠲᠤᠰ 2020 ᠣᠨ᠂ 2023 ᠣᠨ ᠳᠤ ᠬᠡᠪᠯᠡᠨ | ᠲᠠᠷᠬᠠᠭᠠᠪᠠ᠃ |