ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠣᠷᠴᠢᠮᠬᠠᠨ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ︾ ᠶᠢ | ᠨᠠᠶᠢᠷᠠᠭᠤᠯᠬᠤ ᠠᠵᠢᠯ ᠤᠨ ᠲᠠᠯ᠎ᠠ ᠪᠠᠷ ᠴᠢᠬᠤᠯᠠ ᠵᠢᠭᠠᠪᠤᠷᠢ ᠪᠠᠭᠤᠯᠭᠠᠵᠤ᠂ ᠴᠢᠬᠤᠯᠠᠴᠢᠯᠠᠭᠤᠯᠬᠤ ᠳᠠᠭᠠᠨ᠂ ᠲᠠᠪᠤᠨ ᠵᠢᠯ ᠤᠨ | ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ ᠦᠷᠭᠦᠯᠵᠢᠯᠡᠨ ᠬᠡᠷᠡᠭᠵᠢᠭᠦᠯᠬᠦ ᠪᠣᠯ ᠮᠠᠨ ᠤ ᠨᠠᠮ ᠤᠨ | ᠲᠥᠷᠥ ᠪᠠᠨ ᠵᠠᠰᠠᠬᠤ ᠴᠢᠬᠤᠯᠠ ᠲᠤᠷᠰᠢᠯᠭ᠎ᠠ ᠪᠣᠯᠣᠨ᠎ᠠ᠂ ᠮᠥᠨ ᠴᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠤᠯᠤᠰ ᠲᠥᠷᠥ ᠶᠢᠨ ᠴᠢᠬᠤᠯᠠ ᠳᠠᠪᠠᠭᠤᠯᠢᠭ ᠪᠣᠯᠣᠨ᠎ᠠ᠃ ︽ᠠᠷᠪᠠᠨ ᠲᠠᠪᠤᠳᠤᠭᠠᠷ ᠲᠠᠪᠤᠨ ᠵᠢᠯ ᠤᠨ | ᠲᠥᠯᠦᠪᠵᠢᠭᠦᠯᠭᠡ︾ ᠶᠢ ᠨᠠᠶᠢᠷᠠᠭᠤᠯᠵᠤ ᠬᠡᠷᠡᠭᠵᠢᠭᠦᠯᠬᠦ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠰᠢᠨᠵᠢᠯᠡᠬᠦ ᠤᠬᠠᠭᠠᠨᠴᠢ ᠪᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠪᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠨ᠂ ᠳᠡᠭᠡᠳᠦ ᠳᠠᠪᠬᠤᠷᠭ᠎ᠠ ᠶᠢᠨ ᠲᠥᠰᠥᠪᠯᠡᠯ ᠪᠠ ᠠᠷᠠᠳ ᠣᠯᠠᠨ ᠤ | ᠠᠷᠭ᠎ᠠ ᠤᠬᠠᠭᠠᠨ ᠢ ᠨᠢᠭᠡᠳᠬᠡᠵᠦ᠂ ᠪᠠᠶᠢᠴᠠᠭᠠᠨ ᠰᠤᠳᠤᠯᠤᠯᠲᠠ ᠬᠢᠬᠦ ᠮᠠᠭᠠᠳᠯᠠᠨ ᠭᠡᠷᠡᠴᠢᠯᠡᠬᠦ ᠪᠠᠨ ᠴᠢᠩᠭᠠᠳᠬᠠᠨ᠂ ᠬᠠᠮᠲᠤ ᠶᠢᠨ | ᠲᠠᠨᠢᠯᠲᠠ ᠪᠠᠨ ᠥᠷᠭᠡᠨ ᠢᠶᠠᠷ ᠨᠢᠭᠲᠠᠷᠠᠭᠤᠯᠵᠤ᠂ ᠣᠯᠠᠨ ᠲᠦᠮᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ | ᠰᠠᠨᠠᠭᠤᠯᠭ᠎ᠠ ᠶᠢ ᠣᠯᠠᠨ ᠠᠷᠭ᠎ᠠ ᠬᠡᠯᠪᠡᠷᠢ ᠪᠠᠷ ᠰᠣᠨᠣᠰᠴᠤ᠂ ᠺᠠᠳ᠋ᠷ ᠤᠯᠠᠨ ᠲᠦᠮᠡᠨ ᠤ ᠦᠢᠯᠡᠳᠦᠯᠭᠡ ᠶᠢᠨ ᠶᠠᠪᠤᠴᠠ ᠳᠠᠭᠠᠨ | ᠡᠭᠦᠳᠦᠭᠰᠡᠨ ᠰᠢᠨ᠎ᠡ ᠲᠤᠷᠰᠢᠯᠭ᠎ᠠ ᠶᠢ ᠭᠦᠢᠴᠡᠳ ᠠᠰᠢᠭᠯᠠᠨ᠂ ᠬᠠᠷᠠᠯᠲᠠ ᠡᠭᠦᠷᠭᠡ ᠪᠠ ᠲᠦᠷᠦ ᠶᠢᠨ ᠪᠣᠳᠣᠯᠭ᠎ᠠ ᠠᠷᠭ᠎ᠠ | ᠬᠡᠮᠵᠢᠶ᠎ᠡ ᠶᠢᠨ ᠰᠢᠰᠲ᠋ᠧᠮᠲᠦ ᠴᠢᠨᠠᠷ ᠪᠦᠬᠦᠯᠢ ᠴᠣᠭᠴᠠᠲᠤ ᠴᠢᠨᠠᠷ᠂ ᠵᠣᠬᠢᠴᠠᠩᠭᠤᠢ ᠴᠢᠨᠠᠷ ᠢ ᠴᠢᠬᠤᠯᠠᠴᠢᠯᠠᠵᠤ᠂ ᠨᠠᠶᠢᠷᠠᠭᠤᠯᠬᠤ | ᠠᠵᠢᠯ ᠢ ᠴᠢᠨᠠᠷᠯᠢᠭ ᠪᠡᠶᠡᠯᠡᠭᠦᠯᠬᠦ ᠬᠡᠷᠡᠭᠲᠡᠢ ᠭᠡᠵᠡᠢ᠃ | ᠮᠠᠨ ᠤ ᠤᠯᠤᠰ 2026 ᠣᠨ ᠠᠴᠠ ᠡᠬᠢᠯᠡᠨ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ︾ ᠶᠢ | ᠬᠡᠷᠡᠭᠵᠢᠭᠦᠯᠬᠦ ᠪᠣᠯᠣᠨ᠎ᠠ᠂ ᠣᠳᠣ ᠨᠠᠮ ᠤᠨ ᠲᠥᠪ ᠬᠤᠷᠢᠶ᠎ᠠ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ︾ ᠶᠢᠨ | ᠰᠠᠨᠠᠭᠤᠯᠭ᠎ᠠ ᠶᠢ ᠲᠤᠭᠤᠷᠪᠢᠨ ᠪᠢᠴᠢᠬᠦ ᠶᠢ ᠵᠣᠬᠢᠶᠠᠨ ᠪᠠᠶᠢᠭᠤᠯᠵᠤ ᠪᠠᠶᠢᠨ᠎ᠠ᠃ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠪᠠ ᠲᠥᠯᠦᠪᠵᠢᠭᠦᠯᠭᠡ ᠶᠢᠨ ᠰᠠᠨᠠᠭᠤᠯᠭ᠎ᠠ ᠶᠢ ᠲᠤᠭᠤᠷᠪᠢᠬᠤ ᠠᠵᠢᠯ ᠤᠨ ᠪᠠᠶᠢᠷᠢᠯᠠᠭᠤᠯᠤᠯᠲᠠ ᠶᠢ | ᠦᠨᠳᠦᠰᠦᠯᠡᠨ᠂ ᠬᠠᠮᠢᠶᠠᠲᠠᠢ ᠲᠠᠯ᠎ᠠ ᠶᠢᠨ ᠬᠢᠨ ᠣᠶᠢᠷ᠎ᠠ ᠳᠤ ᠤᠯᠠᠨ ᠵᠦᠢᠯ ᠤᠨ ᠬᠡᠯᠪᠡᠷᠢ ᠪᠠᠷ ︽ᠠᠷᠪᠠᠨ ᠲᠠᠪᠤᠳᠤᠭᠠᠷ ᠲᠠᠪᠤᠨ | ᠵᠢᠯ ᠤᠨ ᠲᠥᠯᠦᠪᠵᠢᠭᠦᠯᠭᠡ︾ ᠶᠢᠨ ᠲᠠᠯ᠎ᠠ ᠪᠠᠷ ᠬᠢ ᠺᠠᠳ᠋ᠷ ᠤᠯᠠᠨ ᠲᠦᠮᠡᠨ᠂ ᠲᠤᠰᠬᠠᠢ ᠮᠡᠷᠭᠡᠵᠢᠯᠲᠡᠨ ᠡᠷᠳᠡᠮᠲᠡᠨ ᠨᠠᠷ ᠤᠨ | ᠰᠠᠨᠠᠯ ᠰᠠᠨᠠᠭᠤᠯᠭ᠎ᠠ ᠶᠢ ᠬᠤᠷᠢᠶᠠᠬᠤ ᠪᠠᠷ ᠪᠠᠶᠢᠨ᠎ᠠ᠃ |