ᠪᠠᠷᠠᠭᠤᠨ ᠦᠵᠦᠮᠦᠴᠢᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ 2025 ᠣᠨ ᠤ ᠭᠤᠷᠪᠠᠳᠤᠭᠠᠷ ᠤᠳᠠᠭᠠᠨ ᠤ ᠠᠵᠢᠯ ᠤᠨ ᠲᠣᠭᠲᠠᠮᠠᠯ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/23
    5 ᠰᠠᠷ᠎ᠠ ᠶᠢᠨ 21 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ 2025 ᠣᠨ ᠤ ᠭᠤᠷᠪᠠᠳᠤᠭᠠᠷ ᠤᠳᠠᠭᠠᠨ ᠤ ᠠᠵᠢᠯ ᠤᠨ ᠲᠣᠭᠲᠠᠮᠠᠯ ᠬᠤᠷᠠᠯ ᠬᠤᠷᠠᠯᠳᠤᠭᠤᠯᠵᠤ᠂ ᠳᠡᠭᠡᠳᠦ ᠱᠠᠲᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠪᠥᠬᠦ ᠬᠤᠰᠢᠭᠤᠨ ᠤ ᠬᠤᠶᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠨᠡᠶᠢᠲᠡᠯᠡᠵᠦ᠂ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠶᠣᠣ ᠬᠤᠩ ᠭᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠤᠳᠤᠷᠢᠳᠤᠯᠭ᠎ᠠ ᠮᠠ ᠮᠢᠩ᠂ ᠮᠧᠩ ᠹᠠᠨ ᠸᠧᠢ ᠬᠤᠷᠠᠯ ᠳᠤ ᠣᠷᠣᠯᠴᠠᠵᠠᠢ᠃
        ᠬᠤᠷᠠᠯ ᠳᠤ᠂ ︽ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ ᠬᠦᠨᠳᠦ ᠶᠡᠭᠡ ᠠᠳᠡᠯ ᠢ ᠡᠷᠡᠰ ᠰᠡᠷᠭᠡᠶᠢᠯᠡᠨ ᠬᠤᠷᠢᠭᠯᠠᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠮᠡᠳᠡᠭᠳᠡᠯ︾ ᠢ ᠤᠯᠠᠮᠵᠢᠯᠠᠵᠤ᠂ ᠬᠤᠷᠠᠯ ᠳᠤ ᠣᠷᠣᠯᠴᠠᠭᠰᠠᠨ ᠡᠯ᠎ᠡ ᠤᠳᠤᠷᠢᠳᠤᠯᠭ᠎ᠠ ᠨᠠᠷ ᠠᠵᠢᠯ ᠲᠦᠷᠦᠯ ᠤᠨ ᠢᠶᠠᠨ ᠪᠣᠳᠠᠲᠤ ᠪᠠᠶᠢᠷᠢᠯᠠᠭᠤᠯᠤᠯᠲᠠ ᠲᠠᠢ ᠤᠶᠠᠯᠳᠤᠭᠤᠯᠤᠨ᠂  ᠪᠦᠭᠦ ᠬᠤᠰᠢᠭᠤᠨ ᠤ ᠣᠶᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠣᠷᠣᠰᠢᠵᠤ ᠪᠠᠶᠢᠭ᠎ᠠ ᠠᠰᠠᠭᠤᠳᠠᠯ ᠪᠠ ᠳᠠᠷᠠᠭ᠎ᠠ ᠠᠯᠬᠤᠮ ᠤᠨ ᠠᠵᠢᠯ ᠤᠨ ᠭᠤᠣᠯᠳᠠᠯᠭ᠎ᠠ ᠶᠢ ᠳᠤᠷᠠᠳᠴᠤ᠂ ᠬᠠᠮᠢᠶ᠎ᠠ ᠪᠦᠬᠦᠢ ᠨᠢᠭᠡᠴᠡ ᠪᠠ ᠠᠵᠤ ᠠᠬᠤᠶᠢᠯᠠᠯ  ᠤᠨ ᠬᠢᠨ ᠬᠠᠷᠢᠭᠤ ᠮᠡᠳᠡᠭᠦᠯᠦᠯᠲᠡ ᠬᠢᠵᠡᠢ᠃     ᠶᠣᠣ ᠬᠤᠩ ᠭᠠᠩ ᠵᠢᠭᠠᠵᠤ ᠭᠠᠷᠭᠠᠭᠰᠠᠨ ᠨᠢ᠂ ᠡᠨᠡ ᠵᠢᠯ᠂ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ  ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ ᠪᠠᠶᠢᠭ᠎ᠠ ᠪᠣᠯᠪᠠᠴᠤ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠮᠥᠨ ᠬᠦ ᠣᠷᠣᠰᠢᠭᠰᠠᠭᠠᠷ ᠪᠠᠶᠢᠨ᠎ᠠ᠂ ᠢᠯᠠᠩᠭᠤᠶ᠎ᠠ ᠠᠵᠢᠯ ᠦᠢᠯᠡᠳᠪᠦᠷᠢᠯᠡᠯ ᠢᠶᠠᠨ ᠰᠡᠷᠭᠦᠭᠡᠭᠰᠡᠨ ᠠᠵᠤ ᠠᠬᠤᠶᠢᠯᠠᠯ᠂ ᠰᠢᠨ᠎ᠡ ᠪᠠᠷ ᠠᠵᠢᠯ ᠡᠬᠢᠯᠡᠭᠦᠯᠦᠭᠰᠡᠨ ᠲᠥᠷᠥᠯ ᠵᠦᠢᠯ ᠪᠠ ᠰᠢᠨ᠎ᠡ ᠡᠵᠡᠩᠨᠡᠯᠲᠡ ᠶᠢᠨ ᠲᠠᠯᠠᠪᠤᠷ ᠤᠨ ᠠᠮᠤᠷ ᠲᠦᠪᠰᠢᠨ ᠤ ᠰᠠᠭᠤᠷᠢ ᠨᠡᠯᠢᠶᠡᠳ ᠳᠣᠣᠷ᠎ᠠ ᠪᠠᠶᠢᠨ᠎ᠠ᠃ ᠪᠥᠬᠦ ᠬᠤᠰᠢᠭᠤ ᠪᠠᠷ ᠢᠶᠠᠨ ᠥᠨᠳᠥᠷ ᠰᠡᠷᠡᠮᠵᠢ ᠲᠠᠢ ᠪᠠᠶᠢᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠯ᠎ᠡ ᠭᠤᠭᠴᠤᠭ᠎ᠠ ᠶᠢ ᠦᠷᠭᠦᠯᠵᠢᠯᠡᠨ ᠴᠢᠬᠤᠯᠠᠴᠢᠯᠠᠵᠤ᠂  ᠠᠯᠮᠠᠶᠢᠷᠠᠨ ᠲᠠᠶᠢᠪᠤᠰᠢᠷᠠᠬᠤ ᠦᠵᠡᠯ ᠰᠠᠨᠠᠭ᠎ᠠ ᠪᠠ ᠠᠵᠠ ᠬᠠᠷᠠᠭᠰᠠᠨ ᠪᠣᠳᠣᠯ ᠢ ᠡᠷᠡᠰ ᠲᠡᠪᠴᠢᠵᠦ ᠂ ︽ᠨᠢᠭᠡ ᠲᠠᠯ᠎ᠠ ᠪᠠᠷ ᠬᠥᠭᠵᠢᠯᠲᠡ ᠶᠢ ᠠᠬᠢᠭᠤᠯᠵᠤ᠂ ᠨᠥᠭᠦᠭᠡ ᠲᠠᠯ᠎ᠠ ᠪᠠᠷ ᠠᠮᠤᠷ ᠲᠦᠪᠰᠢᠨ ᠢ ᠪᠠᠲᠤᠯᠠᠬᠤ︾ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ ᠭᠡᠵᠡᠢ᠃     ᠶᠣᠣ ᠬᠤᠩ ᠭᠠᠩ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠳ ᠲᠦᠷᠦᠭᠦᠯᠡᠨ ᠵᠢᠯᠤᠭᠤᠳᠴᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ᠂ ᠲᠣᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠦᠳᠲᠡᠷ ᠲᠦᠷᠭᠡᠨ ᠤᠯᠠᠮᠵᠢᠯᠠᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠱᠠᠭᠠᠷᠳᠠᠯᠭ᠎ᠠ ᠶᠢ ᠡᠯ᠎ᠡ ᠠᠵᠢᠯ ᠤᠨ ᠪᠠᠶᠢᠷᠢ ᠳᠤ ᠳᠠᠮᠵᠢᠭᠤᠯᠵᠤ᠂ ᠬᠠᠷᠢᠭᠤᠴᠠᠯᠭ᠎ᠠ ᠶᠢ ︽ᠡᠴᠦᠰ ᠤᠨ ᠨᠢᠭᠡ ᠺᠢᠯᠣᠮᠧᠲᠷ︾ ᠲᠤ ᠬᠦᠷᠲᠡᠯ᠎ᠡ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠪᠠᠷᠢᠯᠭ᠎ᠠ ᠶᠢᠨ ᠠᠵᠢᠯ᠂ ᠵᠠᠮ ᠬᠠᠷᠢᠯᠴᠠᠭ᠎ᠠ᠂ ᠭᠠᠯ ᠤᠨᠲᠠᠷᠠᠭᠠᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠶᠢ ᠴᠢᠩᠭ᠎ᠠ ᠠᠩᠬᠠᠷᠴᠤ᠂ ᠰᠢᠨ᠎ᠡ ᠪᠠᠷ ᠠᠰᠢᠭᠯᠠᠯᠲᠠ ᠳᠤ ᠣᠷᠣᠭᠤᠯᠤᠭᠰᠠᠨ ᠠᠵᠤ ᠠᠬᠤᠶᠢᠯᠠᠯ ᠪᠣᠯᠣᠨ ᠲᠥᠷᠥᠯ ᠵᠦᠢᠯ ᠳᠤ ᠴᠢᠭᠯᠡᠭᠦᠯᠦᠨ ︽ᠪᠦᠬᠦᠨ ᠢ ᠬᠠᠮᠤᠷᠬᠤ ᠮᠠᠶ᠋ᠢᠭ︾ ᠤᠨ ᠵᠢᠭᠰᠠᠭᠠᠨ ᠪᠠᠶᠢᠴᠠᠭᠠᠯᠲᠠ ᠶᠢ ᠥᠷᠨᠢᠭᠦᠯᠵᠦ᠂ ᠳᠠᠯᠳᠠ ᠬᠡᠮ ᠤᠨ ᠡᠬᠡ ᠲᠠᠩᠰᠠ ᠶᠢ ᠪᠠᠶᠢᠭᠤᠯᠬᠤ ᠶᠢᠨ ᠬᠠᠮᠲᠤ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠣᠨᠴᠠᠭᠠᠶᠢᠯᠠᠨ ᠬᠥᠮᠥᠨ ᠣᠯᠠᠨ ᠴᠤᠭᠯᠠᠷᠠᠳᠠᠭ ᠲᠠᠯᠠᠪᠤᠷ ᠭᠠᠵᠠᠷ᠂ ᠬᠢᠵᠠᠭᠠᠷ ᠲᠠᠢ ᠣᠷᠣᠨ ᠵᠠᠢ ᠳᠤ ᠠᠵᠢᠯᠯᠠᠬᠤ᠂ ᠭᠠᠯ ᠬᠡᠷᠡᠭᠯᠡᠬᠦ ᠵᠡᠷᠭᠡ ᠠᠶᠤᠯ ᠲᠦᠭᠰᠢᠭᠦᠷᠢ ᠶᠡᠬᠡᠲᠡᠢ ᠲᠠᠯᠠᠪᠤᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠢ ᠭᠡᠵᠡᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号