5 ᠰᠠᠷ᠎ᠠ ᠶᠢᠨ 20 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠣᠨᠣᠯ | ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ 2025 ᠣᠨ ᠤ 7 ᠳ᠋ᠤᠭᠠᠷ ᠤᠳᠠᠭᠠᠨ ᠤ ᠬᠠᠮᠲᠤ ᠶᠢᠨ | ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠤᠨ᠂ ᠬᠤᠰᠢᠭᠤ ᠨᠠᠮ ᠤᠨ ᠬᠤᠷᠢᠶᠠᠨ ᠤ ᠱᠦᠵᠢ ᠪᠦᠦ ᠯᠢᠨ ᠬᠤᠷᠠᠯ | ᠡᠷᠭᠢᠯᠡᠵᠦ ᠶᠠᠷᠢᠶ᠎ᠠ ᠲᠠᠯᠪᠢᠪᠠ᠃ | ᠬᠤᠷᠠᠯ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ ᠪᠣᠯᠣᠨ ︽ᠨᠠᠮ ᠤᠨ ᠬᠤᠷᠢᠶᠠᠨ ᠤ | ︵ᠨᠠᠮ ᠤᠨ ᠤᠳᠤᠷᠢᠳᠬᠤ ᠳᠤᠭᠤᠶᠢᠯᠠᠩ ᠤᠨ︶ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ | ᠢ ᠨᠠᠶᠢᠳᠠᠪᠤᠷᠢᠵᠢᠭᠤᠯᠬᠤ ᠲᠣᠭᠲᠠᠭᠠᠯ︾ ᠢ ᠰᠤᠷᠤᠯᠴᠠᠨ ᠲᠤᠤᠱᠯᠠᠭᠤᠯᠬᠤ ᠲᠤᠬᠠᠢ ᠮᠡᠳᠡᠭᠳᠡᠯ ᠢ ᠤᠯᠠᠮᠵᠢᠯᠠᠨ | ᠰᠤᠷᠤᠯᠴᠠᠬᠤ ᠶᠢᠨ ᠬᠠᠮᠲᠤ ︽ᠭᠡᠰᠢᠭᠦᠳ ᠤᠨ ᠬᠢᠴᠢᠶᠡᠯ ᠤᠨ ᠲᠠᠩᠬᠢᠮ᠄ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠰᠤᠭᠠᠢ ︱ ᠪᠦᠬᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠤᠨ ᠶᠦᠨᠨᠠᠨ ᠳᠠᠬᠢ ᠰᠢᠨᠵᠢᠯᠡᠨ ᠪᠠᠶᠢᠴᠠᠭᠠᠬᠤ ᠲᠤᠰᠬᠠᠢ ᠰᠡᠳᠦᠪᠲᠦ ᠠᠶᠠᠯᠠᠯ︾ ᠭᠡᠬᠦ | ᠸᠢᠳᠢᠤ᠋ ᠶᠢ ᠰᠣᠨᠢᠷᠬᠠᠪᠠ᠃ | ᠪᠦᠦ ᠯᠢᠨ ᠱᠠᠭᠠᠷᠳᠠᠬᠤ ᠳᠠᠭᠠᠨ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠶᠡᠭᠡ ᠠᠴᠢ | ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ ᠤᠯᠤᠰ ᠲᠥᠷᠥ ᠪᠠ ᠪᠦᠬᠦ ᠲᠠᠯ᠎ᠠ ᠶᠢᠨ ᠥᠨᠳᠥᠷᠴᠡ ᠠᠴᠠ ᠰᠢ ᠶᠢᠨ | ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ | ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠠᠷᠪᠠᠨ ᠬᠤᠶᠠᠷ ᠡᠷᠬᠡᠪᠰᠢ︾ ᠶᠢᠨ ᠠᠵᠢᠯ ᠤᠨ | ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠢᠨ᠎ᠡ ᠪᠠᠶᠢᠳᠠᠯ ᠳᠣᠣᠷᠠᠬᠢ ᠦᠨᠳᠦᠰᠦᠲᠡᠨ ᠤ ᠠᠵᠢᠯ | ᠤᠨ ᠦᠵᠡᠯ ᠰᠠᠨᠠᠭᠠᠨ ᠤ ᠠᠭᠤᠯᠤᠭᠳᠠᠬᠤᠨ᠂ ᠵᠣᠷᠢᠭ ᠰᠠᠨᠠᠭᠠᠨ ᠤ ᠮᠥᠨ ᠴᠢᠨᠠᠷ ᠪᠠ ᠦᠢᠯᠡᠳᠦᠯᠭᠡ ᠶᠢᠨ ᠱᠠᠭᠠᠷᠳᠠᠯᠭ᠎ᠠ | ᠶᠢ ᠪᠠᠲᠤ ᠡᠵᠡᠮᠰᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠥᠬᠦ | ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠡᠯ᠎ᠡ ᠬᠦᠷᠢᠶ᠎ᠡ᠂ ᠪᠥᠬᠦ ᠶᠠᠪᠤᠴᠠ ᠳᠤ | ᠠᠭᠤᠰᠤᠯᠴᠠᠭᠤᠯᠬᠤ ᠬᠡᠷᠡᠭᠲᠡᠢ ᠭᠡᠵᠡᠢ᠃ | ᠪᠦᠦ ᠯᠢᠨ ᠴᠢᠬᠤᠯᠠᠴᠢᠯᠠᠭᠰᠠᠨ ᠨᠢ᠂ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠯ᠎ᠡ ᠵᠦᠢᠯ ᠤᠨ ᠠᠵᠢᠯ ᠢ ᠪᠦᠬᠦ | ᠲᠠᠯ᠎ᠠ ᠪᠠᠷ ᠠᠬᠢᠭᠤᠯᠬᠤ ᠬᠡᠷᠡᠭᠲᠡᠢ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ | ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠬᠥᠮᠦᠵᠢᠯ | ᠢ ᠴᠢᠩᠭᠠᠳᠬᠠᠬᠤ ᠶᠢ ᠴᠢᠬᠤᠯᠠᠴᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠪᠦᠲᠦᠮᠵᠢᠲᠡᠢ ᠠᠬᠢᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ | ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠠᠵᠢᠯ ᠤᠨ ᠢᠶᠠᠨ | ᠭᠤᠣᠯᠳᠠᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠠᠵᠤ | ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠠᠮᠢ ᠠᠬᠤᠢ ᠶᠢᠨ ᠵᠠᠰᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ | ᠨᠠᠮ ᠤᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠤᠨ ᠵᠠᠰᠠᠯᠲᠠ ᠵᠡᠷᠭᠡ | ᠡᠯ᠎ᠡ ᠵᠦᠢᠯ ᠤᠨ ᠠᠵᠢᠯ ᠳᠤ ᠭᠦᠨᠵᠡᠭᠡᠢ ᠠᠭᠤᠰᠤᠯᠴᠠᠭᠤᠯᠵᠤ᠂ ᠵᠠᠰᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠮᠢᠳᠤᠷᠠᠯ ᠤᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠬᠦ | ᠬᠡᠷᠡᠭᠲᠡᠢ᠃ ᠦᠨᠳᠦᠰᠦᠲᠡᠨ ᠤ ᠠᠵᠢᠯ ᠤᠨ ᠬᠠᠤᠯᠢ ᠪᠠᠷ ᠵᠠᠰᠠᠬᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ | ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠦᠨᠳᠦᠰᠦᠲᠡᠨ ᠤ ᠬᠡᠷᠡᠭ | ᠶᠠᠪᠤᠳᠠᠯ ᠢ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ | ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠢ ᠭᠡᠵᠡᠢ᠃ | ᠪᠦᠦ ᠯᠢᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠭᠦᠷᠭᠡ ᠬᠠᠷᠢᠭᠤᠴᠠᠯᠭ᠎ᠠ ᠶᠢ | ᠤᠬᠠᠮᠰᠠᠷ ᠠᠴᠠ ᠪᠠᠨ ᠡᠭᠦᠷᠭᠡᠯᠡᠬᠦ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ | ᠭᠦᠢᠴᠡᠳᠬᠡᠵᠦ᠂ ᠨᠠᠮ ᠤᠨ ᠤᠳᠤᠷᠢᠳᠤᠯᠭ᠎ᠠ ᠶᠢ ᠦᠨᠳᠦᠰᠦᠲᠡᠨ ᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠪᠣᠯᠣᠨ ᠲᠤᠬᠠᠶᠢᠯᠠᠭᠰᠠᠨ | ᠠᠵᠢᠯ ᠢ ᠬᠠᠮᠲᠤᠪᠠᠷ ᠲᠥᠯᠥᠪᠵᠢᠭᠦᠯᠵᠦ᠂ ᠬᠠᠮᠲᠤᠪᠠᠷ ᠲᠣᠬᠢᠷᠠᠭᠤᠯᠤᠨ᠂ ᠬᠠᠮᠲᠤᠪᠠᠷ ᠪᠠᠶᠢᠷᠢᠯᠠᠭᠤᠯᠬᠤ ᠶᠢ ᠠᠬᠢᠭᠤᠯᠵᠤ | ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠴᠤ᠂ ᠵᠠᠰᠠᠭ ᠤᠨ ᠣᠷᠳᠣᠨ ᠬᠠᠤᠯᠢ ᠶᠣᠰᠣᠭᠠᠷ ᠬᠠᠮᠢᠶᠠᠷᠴᠤ᠂ | ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠵᠤ᠂ ᠦᠨᠳᠦᠰᠦᠲᠡᠨ ᠤ ᠠᠵᠢᠯ ᠤᠨ ᠰᠠᠯᠠᠭ᠎ᠠ | ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠰᠠᠯᠠᠭ᠎ᠠ ᠮᠥᠴᠢᠷ ᠬᠠᠮᠲᠤᠷᠠᠯᠴᠠᠵᠤ᠂ ᠪᠦᠬᠦ | ᠨᠡᠶᠢᠭᠡᠮ ᠢᠶᠠᠷ ᠢᠶᠠᠨ ᠣᠷᠣᠯᠴᠠᠭᠰᠠᠨ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠪᠠᠶᠢᠷᠢᠰᠢᠯ ᠢ | ᠪᠦᠷᠢᠯᠳᠦᠭᠦᠯᠬᠦ ᠬᠡᠷᠡᠭᠲᠡᠢ ᠭᠡᠵᠡᠢ᠃ | |