ᠡᠨᠡ ᠨᠥᠬᠦᠴᠡᠯ ᠳᠤ ᠨᠡᠶᠢᠴᠡᠪᠡᠯ ᠳᠠᠷᠤᠢ ᠨᠥᠬᠦᠪᠦᠷᠢ ᠬᠦᠷᠲᠡᠵᠦ ᠪᠣᠯᠣᠨ᠎ᠠ
ᠨᠡᠶᠢᠲᠡᠯᠡᠭᠰᠡᠨ ᠴᠠᠭ᠄
2025/5/23
    ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ᠬᠡᠷᠡᠭᠯᠡᠭᠡᠨ ᠤ ᠵᠦᠢᠯ ᠢ ᠰᠢᠯᠢᠳᠡᠭᠵᠢᠭᠦᠯᠦᠨ ᠲᠣᠬᠢᠷᠠᠭᠤᠯᠬᠤ ︽ᠬᠠᠭᠤᠴᠢᠨ ᠢᠶᠠᠷ ᠰᠢᠨ᠎ᠡ ᠶᠢ ᠰᠣᠯᠢᠬᠤ︾ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠨᠠᠰᠤᠲᠠᠶᠢᠴᠤᠳ ᠤᠨ ᠠᠮᠢᠳᠤᠷᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠬᠤ ᠶᠢᠨ ᠬᠠᠮᠲᠤ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠬᠡᠷᠡᠭᠯᠡᠭᠡ ᠶᠢ ᠳᠠᠶᠢᠴᠢᠯᠠᠬᠤ  ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ ᠵᠡᠷᠭᠡ 6 ᠰᠠᠯᠠᠭ᠎ᠠ ᠮᠥᠴᠢᠷ ᠬᠠᠮᠲᠤᠷᠠᠨ ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠤᠨ ᠵᠠᠰᠠᠯ ᠴᠢᠮᠡᠭᠯᠡᠯ ᠲᠣᠭᠤᠭᠠᠨ ᠭᠡᠷ ᠠᠷᠢᠭᠤᠨ ᠴᠡᠪᠡᠷ ᠤᠨ ᠬᠡᠷᠡᠭᠰᠡᠯ ᠢ ︿ᠰᠢᠨᠡᠳᠬᠡᠨ ᠰᠣᠯᠢᠬᠤ﹀ ᠨᠥᠬᠦᠪᠦᠷᠢ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠪᠠ᠂ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠲᠤ ᠲᠣᠬᠢᠷᠠᠬᠤ ᠭᠡᠷ ᠤᠨ ᠡᠳ᠋ᠯᠡᠯ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠳᠡᠮᠵᠢᠬᠦ ᠬᠡᠪᠴᠢᠶᠡᠨ ᠳᠤ ᠣᠷᠣᠭᠤᠯᠵᠤ᠂ ᠨᠥᠬᠦᠪᠦᠷᠢ ᠶᠢᠨ ᠪᠠᠷᠢᠮᠵᠢᠶ᠎ᠠ᠂ ᠬᠡᠪᠴᠢᠶ᠎ᠡ ᠵᠢᠴᠢ ᠠᠷᠭ᠎ᠠ ᠮᠠᠶ᠋ᠢᠭ ᠢ ᠲᠣᠳᠣᠷᠬᠠᠶᠢᠯᠠᠵᠤ᠂ ᠨᠠᠰᠤᠲᠠᠶᠢᠴᠤᠳ ᠲᠤ ᠦᠨᠡᠨ ᠪᠣᠳᠠᠲᠠᠢ ᠠᠰᠠᠷᠠᠮᠵᠢ ᠬᠦᠷᠲᠡᠭᠡᠬᠦ ᠪᠠᠷ ᠪᠤᠢ᠃             2025 ᠣᠨ ᠤ ᠲᠥᠷᠥ ᠶᠢᠨ ᠪᠣᠳᠣᠯᠭ᠎ᠠ ᠶᠢᠨ ᠬᠤᠭᠤᠴᠠᠭᠠᠨ ᠳᠤ᠂ ᠥᠪᠥᠷ ᠮᠣᠩᠭᠤᠯ ᠳᠤ ᠪᠠᠶᠢᠩᠭᠤ ᠰᠠᠭᠤᠭ᠎ᠠ ᠪᠥᠭᠡᠳ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠲᠤ ᠲᠣᠬᠢᠷᠠᠬᠤ ᠰᠢᠨᠡᠳᠬᠡᠨ ᠰᠣᠯᠢᠬᠤ ᠲᠠᠸᠠᠷ ᠢ ᠬᠤᠳᠠᠯᠳᠤᠨ ᠠᠪᠬᠤ ᠬᠡᠷᠡᠭᠴᠡᠭᠡ ᠲᠠᠢ ᠪᠦᠬᠦᠯᠢ 60 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠴᠥᠮ ᠨᠥᠬᠦᠪᠦᠷᠢ ᠭᠥᠷᠳᠡᠵᠦ ᠪᠣᠯᠣᠨ᠎ᠠ᠃ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠲᠤ ᠲᠣᠬᠢᠷᠠᠬᠤ ᠰᠢᠨᠡᠳᠬᠡᠨ ᠰᠣᠯᠢᠬᠤ ᠦᠢᠯᠡᠳᠬᠦᠨ ᠢ ᠬᠤᠳᠠᠯᠳᠤᠨ ᠠᠪᠤᠪᠠᠯ ᠪᠣᠳᠠᠲᠠᠢ ᠠᠷᠠᠯᠵᠢᠶᠠᠯᠠᠬᠤ ᠦᠨ᠎ᠡ ᠶᠢᠨ 30 % ᠪᠠᠷ ᠨᠥᠬᠦᠪᠦᠷᠢ ᠥᠭᠭᠦᠨ᠎ᠡ᠃ ᠥᠪᠥᠷ ᠮᠣᠩᠭᠤᠯ ︽ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠲᠤ ᠲᠣᠬᠢᠷᠠᠬᠤ ᠰᠢᠨᠡᠳᠬᠡᠨ ᠰᠣᠯᠢᠬᠤ ᠨᠥᠬᠦᠪᠦᠷᠢ ᠥᠭᠬᠦ ᠦᠢᠯᠡᠳᠬᠦᠨ ᠤ ᠰᠠᠨᠠᠭᠤᠯᠭ᠎ᠠ ᠶᠢᠨ ᠨᠠᠷᠢᠨ ᠬᠠᠭᠤᠳᠠᠰᠤ︾ ᠶᠢ ᠨᠡᠶᠢᠲᠡᠯᠡᠪᠡ᠂ ᠨᠠᠷᠢᠨ ᠬᠠᠭᠤᠳᠠᠰᠤ ᠳᠤ ᠭᠡᠷ ᠤᠨ ᠭᠠᠵᠠᠷ ᠪᠠ ᠡᠭᠦᠳᠡ ᠪᠠᠨ ᠰᠢᠨᠡᠳᠬᠡᠨ ᠵᠠᠰᠠᠬᠤ᠂ ᠤᠨᠲᠠᠬᠤ ᠥᠷᠥᠭᠡ ᠪᠠᠨ ᠰᠢᠨᠡᠳᠬᠡᠨ ᠵᠠᠰᠠᠬᠤ᠂ ᠵᠢᠱᠢᠶᠡᠯᠡᠪᠡᠯ ᠵᠣᠷᠯᠣᠩ ᠤᠬᠢᠶᠠᠯᠭ᠎ᠠ ᠶᠢᠨ ᠲᠥᠬᠦᠭᠡᠷᠦᠮᠵᠢ ᠪᠠᠨ ᠰᠢᠨᠡᠳᠬᠡᠨ ᠵᠠᠰᠠᠬᠤ᠂ ᠲᠣᠭᠤᠭᠠᠨ ᠭᠡᠷ ᠤᠨ ᠲᠥᠬᠦᠭᠡᠷᠦᠮᠵᠢ ᠪᠠᠨ ᠰᠢᠨᠡᠳᠬᠡᠨ ᠵᠠᠰᠠᠬᠤ᠂ ᠹᠢᠽᠢᠺ ᠤᠨ ᠣᠷᠴᠢᠨ ᠲᠣᠭᠤᠷᠢᠨ ᠢᠶᠠᠨ ᠰᠢᠨᠡᠳᠬᠡᠨ ᠵᠠᠰᠠᠬᠤ᠂ ᠣᠶᠤᠨᠴᠢ ᠲᠤᠰᠠᠯᠠᠬᠤ ᠦᠢᠯᠡᠳᠬᠦᠨ ᠵᠡᠷᠭᠡ ᠵᠢᠷᠭᠤᠭᠠᠨ ᠶᠡᠭᠡ ᠲᠥᠷᠥᠯ ᠤᠨ 25 ᠵᠦᠢᠯ ᠤᠨ ᠲᠠᠸᠠᠷ ᠢ ᠬᠠᠮᠤᠷᠴᠠᠢ᠃ ᠬᠡᠷᠡᠭᠯᠡᠭᠴᠢᠳ ᠨᠢ ᠳᠤᠮᠳᠠᠳᠤ ᠤᠯᠤᠰ ᠤᠨ ᠪᠠᠩᠬᠢ ᠶᠢᠨ ᠬᠤᠯᠪᠣᠭᠠᠨ ᠤ ︽ᠶᠦᠨ ᠱᠠᠨ ᠹᠦ᠋︾ APP ᠪᠠᠷ ᠳᠡᠮᠵᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠤᠨ ᠵᠠᠰᠠᠯ ᠴᠢᠮᠡᠭᠯᠡᠯ ᠲᠣᠭᠤᠭᠠᠨ ᠭᠡᠷ ᠠᠷᠢᠭᠤᠨ ᠴᠡᠪᠡᠷ ᠤᠨ ᠬᠡᠷᠡᠭᠰᠡᠯ ᠢ ᠰᠢᠨᠡᠳᠬᠡᠨ ᠰᠣᠯᠢᠬᠤ︾ ᠦᠢᠯᠡᠴᠢᠯᠡᠭᠡᠨ ᠤ ᠲᠠᠪᠴᠠᠩ ᠳᠤ ᠭᠠᠷᠴᠤ᠂ ︽ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠲᠤ ᠲᠣᠬᠢᠷᠠᠬᠤ ᠰᠢᠨᠡᠳᠬᠡᠨ ᠰᠣᠯᠢᠬᠤ︾ ᠵᠠᠭᠪᠤᠷ ᠲᠤ ᠣᠷᠣᠵᠤ ᠬᠤᠳᠠᠯᠳᠤᠨ ᠠᠪᠬᠤ ᠪᠠᠷ ᠭᠤᠶᠤᠴᠢᠯᠠᠪᠠᠯ ᠪᠣᠯᠴᠢᠬᠠᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号