ᠰᠢᠯᠢᠳᠡᠭ ᠡᠭᠦᠯᠳᠡᠷ ᠤᠨ ᠠᠳᠤᠭᠤ ᠶᠢ ᠦᠨ᠎ᠡ ᠬᠠᠶᠠᠯᠴᠠᠨ ᠬᠤᠳᠠᠯᠳᠤᠬᠤ ᠴᠤᠭᠯᠠᠭᠠᠨ ᠶᠠᠪᠤᠭᠳᠠᠪᠠ
ᠨᠡᠶᠢᠲᠡᠯᠡᠭᠰᠡᠨ ᠴᠠᠭ᠄
2025/5/23
   ᠰᠢᠯᠢᠳᠡᠭ ᠡᠭᠦᠯᠳᠡᠷ ᠤᠨ ᠠᠳᠤᠭᠤ ᠶᠢ ᠦᠨ᠎ᠡ ᠬᠠᠶᠠᠯᠴᠠᠨ ᠬᠤᠳᠠᠯᠳᠤᠬᠤ ᠴᠤᠭᠯᠠᠭᠠᠨ ᠰᠢᠯᠢ ᠶᠢᠨ ᠬᠤᠲᠠ ᠶᠢᠨ ᠪᠠᠶᠠᠨᠰᠢᠯᠢ ᠮᠠᠯᠵᠢᠯ ᠤᠨ ᠲᠠᠯᠠᠪᠠᠢ ᠳᠤ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠤᠭᠤᠨ ᠤ ᠠᠵᠤ ᠦᠢᠯᠡᠰ ᠤᠨ ᠨᠡᠶᠢᠭᠡᠮᠯᠢᠭ ᠬᠢᠭᠡᠳ ᠰᠢᠯᠢ ᠶᠢᠨ ᠭᠤᠣᠯ ᠠᠶᠢᠮᠠᠭ ᠤᠨ ᠠᠳᠤᠭᠤᠨ ᠤ ᠠᠵᠤ ᠦᠢᠯᠡᠰ ᠤᠨ ᠨᠡᠶᠢᠭᠡᠮᠯᠢᠭ ᠠᠴᠠ ᠬᠠᠮᠲᠤᠷᠠᠨ ᠡᠷᠭᠢᠯᠡᠵᠦ᠂ ᠥᠪᠥᠷ ᠮᠣᠩᠭᠤᠯ ᠤᠨ ᠲᠠᠯ᠎ᠠ ᠨᠤᠲᠤᠭ ᠤᠨ ᠴᠡᠪᠡᠷ ᠴᠢᠰᠤᠨ ᠤ ᠠᠳᠤᠭᠤ ᠪᠣᠶᠢᠵᠢᠭᠤᠯᠬᠤ ᠬᠢᠵᠠᠭᠠᠷᠲᠤ ᠺᠣᠮᠫᠠᠨᠢ ᠳᠠᠭᠠᠭᠠᠴᠢᠯᠠᠨ ᠡᠷᠭᠢᠯᠡᠵᠦ᠂ ᠵᠠᠬ᠎ᠠ ᠳᠡᠯᠭᠡᠭᠦᠷᠴᠢᠯᠡᠭᠰᠡᠨ ᠦᠨ᠎ᠡ ᠬᠠᠶᠠᠯᠴᠠᠬᠤ ᠲᠣᠭᠲᠠᠴᠠ ᠪᠠᠷ ᠳᠠᠮᠵᠢᠭᠤᠯᠤᠨ ︽ᠠᠳᠤᠭᠤᠨ ᠤ ᠡᠭᠦᠯᠳᠡᠷ ᠢ ᠰᠢᠯᠢᠳᠡᠭᠵᠢᠭᠦᠯᠬᠦ ᠢᠨᠵᠧᠨᠧᠷᠢᠩ︾  ᠢ ᠠᠬᠢᠭᠤᠯᠵᠤ᠂ ᠠᠳᠤᠭᠤᠨ ᠤ ᠠᠵᠤ ᠦᠢᠯᠡᠰ ᠬᠢᠭᠡᠳ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃           ᠦᠨ᠎ᠡ ᠬᠠᠶᠠᠯᠴᠠᠨ ᠬᠤᠳᠠᠯᠳᠤᠬᠤ ᠪᠠᠷ ᠰᠣᠩᠭᠤᠭᠰᠠᠨ 100 ᠭᠠᠷᠤᠢ ᠨᠡᠷᠡᠨ ᠲᠠᠮᠠᠭᠠᠲᠤ ᠠᠳᠤᠭᠤ ᠨᠢ ᠨᠢᠭᠡ ᠠᠴᠠ ᠭᠤᠷᠪᠠᠨ ᠨᠠᠰᠤᠨ ᠤ ᠠᠵᠢᠷᠭ᠎ᠠ᠂ ᠭᠡᠭᠦᠦ ᠵᠢᠴᠢ ᠨᠠᠰᠤ ᠭᠦᠢᠴᠡᠭᠰᠡᠨ ᠭᠡᠭᠦᠦ ᠶᠢ ᠬᠠᠮᠤᠷᠴᠤ᠂ ᠡᠳᠡᠭᠡᠷ ᠮᠣᠷᠢᠳ ᠤᠨ ᠨᠠᠰᠤᠨ ᠤ ᠪᠦᠲᠦᠴᠡ ᠪᠦᠷᠢᠯᠳᠦᠯ ᠨᠢ ᠪᠦᠷᠢᠨ ᠪᠦᠲᠦᠨ᠂ ᠡᠭᠦᠯᠳᠡᠷ ᠤᠨ ᠣᠨᠴᠠᠯᠢᠭ ᠨᠢ ᠢᠯᠡ ᠲᠣᠳᠣ ᠪᠠᠶᠢᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠤᠭᠤᠨ ᠤ ᠠᠵᠤ ᠦᠢᠯᠡᠰ ᠤᠨ ᠨᠡᠶᠢᠭᠡᠮᠯᠢᠭ ᠤᠨ ᠳᠠᠷᠤᠭ᠎ᠠ ᠤᠯᠠᠭᠠᠨᠪᠠᠭᠠᠲᠤᠷ ᠲᠠᠨᠢᠯᠴᠠᠭᠤᠯᠬᠤ ᠳᠠᠭᠠᠨ᠄ ︽ᠦᠨ᠎ᠡ ᠬᠠᠶᠠᠯᠴᠠᠨ ᠬᠤᠳᠠᠯᠳᠤᠬᠤ ᠪᠠᠷ ᠰᠣᠩᠭᠤᠭᠰᠠᠨ ᠮᠣᠷᠢᠳ ᠲᠤ ᠴᠥᠮ ᠴᠢᠩᠭ᠎ᠠ ᠨᠢᠮᠪᠠᠢ ᠴᠢᠰᠤᠨ ᠤᠳᠤᠮ ᠤᠨ ᠭᠡᠷᠡᠴᠢᠯᠡᠯ ᠬᠢᠭᠰᠡᠨ ᠪᠣᠯᠬᠤᠷ ᠴᠠᠳᠢᠭ ᠤᠨ ᠲᠠᠩᠰᠠ ᠡᠪᠬᠡᠮᠡᠯ ᠢ ᠨᠢ ᠲᠣᠳᠣᠷᠬᠠᠢ ᠪᠠᠶᠢᠴᠠᠭᠠᠵᠤ ᠪᠣᠯᠣᠨ᠎ᠠ᠂ ᠡᠨᠡ ᠨᠢ ᠤᠷᠤᠯᠳᠤᠭᠠᠨ ᠮᠣᠷᠢᠨ ᠤ ᠲᠤᠰᠬᠠᠢ ᠬᠡᠷᠡᠭᠴᠡᠭᠡ ᠶᠢ ᠬᠠᠩᠭᠠᠬᠤ ᠪᠠᠷ ᠪᠠᠷᠠᠬᠤ ᠦᠭᠡᠢ ᠪᠠᠰᠠ ᠮᠠᠯᠴᠢᠨ ᠲᠠᠷᠢᠶᠠᠴᠢᠨ ᠤ ᠠᠳᠤᠭᠤᠨ ᠤ ᠪᠠᠨ ᠡᠭᠦᠯᠳᠡᠷ ᠢ ᠰᠢᠯᠢᠳᠡᠭᠵᠢᠭᠦᠯᠬᠦ ᠪᠣᠳᠠᠲᠤ ᠬᠡᠷᠡᠭᠯᠡᠭᠡᠨ ᠤ ᠬᠠᠷᠠᠯᠲᠠ ᠳᠤ ᠲᠣᠬᠢᠷᠠᠵᠤ᠂ ᠲᠤᠰ ᠤᠳᠠᠭᠠᠨ ᠤ ᠠᠵᠢᠯᠯᠠᠭ᠎ᠠ ᠳᠤ ᠰᠢᠯᠢ ᠶᠢᠨ ᠭᠤᠣᠯ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ︵ᠣᠷᠣᠨ︶ ᠵᠢᠴᠢ ᠰᠢᠨᠵᠢᠶᠠᠩ ᠵᠡᠷᠭᠡ ᠭᠠᠵᠠᠷ ᠤᠨ ᠠᠳᠤᠭᠤᠨ ᠪᠠᠭ᠋ᠠᠲᠠᠳ ᠬᠦᠷᠦᠯᠴᠡᠨ ᠢᠷᠡᠵᠠᠢ︾ ᠭᠡᠪᠡ᠃           ᠵᠡᠭᠦᠨ ᠦᠵᠦᠮᠦᠴᠢᠨ ᠬᠤᠰᠢᠭᠤᠨ ᠤ ᠨᠢᠭᠡᠨ ᠮᠠᠯᠴᠢᠨ 4 ᠲᠦᠮᠡᠨ ᠲᠥᠭᠦᠷᠢᠭ ᠢᠶᠠᠷ ᠪᠦᠬᠦᠯᠢ ᠬᠤᠶᠠᠷ ᠨᠠᠰᠤᠨ ᠤ ᠠᠵᠢᠷᠭ᠎ᠠ ᠦᠨ᠎ᠡ ᠬᠠᠶᠠᠯᠴᠠᠨ ᠣᠯᠵᠠᠢ᠃ ᠲᠡᠷᠡ᠄ ︽ᠡᠨᠡ ᠵᠢᠯ ᠠᠳᠤᠭᠤᠨ ᠤ ᠶᠠᠰᠤ ᠴᠢᠨᠠᠷ ᠢᠯᠡᠳᠲᠡ ᠳᠡᠭᠡᠭᠰᠢᠯᠡᠵᠡᠢ᠂ ᠢᠯᠠᠩᠭᠤᠶ᠎ᠠ ᠪᠦᠬᠦᠯᠢ ᠬᠤᠶᠠᠷ ᠨᠠᠰᠤᠨ ᠤ ᠠᠳᠤᠭᠤᠨ ᠤ ᠪᠡᠶ᠎ᠡ ᠶᠢᠨ ᠪᠦᠲᠦᠴᠡ ᠪᠠ ᠬᠥᠳᠡᠯᠭᠡᠭᠡᠨ ᠤ ᠴᠢᠳᠠᠪᠬᠢ ᠨᠢ ᠨᠠᠩ ᠰᠢᠯᠢᠳᠡᠭᠵᠢᠵᠦ᠂ ᠴᠢᠰᠤᠨ ᠤᠳᠤᠮ ᠤᠨ ᠭᠡᠷᠡᠴᠢᠯᠡᠯ ᠤᠨ ᠰᠢᠰᠲ᠋ᠧᠮ ᠨᠢ ᠴᠦ ᠨᠠᠩ ᠪᠦᠷᠢᠨ ᠲᠡᠭᠦᠯᠳᠡᠷ ᠪᠣᠯᠵᠠᠢ᠃ ᠪᠢ ᠡᠨᠡ ᠠᠵᠢᠷᠭ᠎ᠠ ᠪᠠᠷ ᠠᠳᠤᠭᠤᠨ ᠰᠦᠷᠦᠭ ᠤᠨ ᠢᠶᠠᠨ ᠡᠭᠦᠯᠳᠡᠷ ᠢ ᠰᠢᠯᠢᠳᠡᠭᠵᠢᠭᠦᠯᠬᠦ ᠶᠢᠨ ᠬᠠᠮᠲᠤ ᠤᠷᠤᠯᠳᠤᠭᠠᠨ ᠮᠣᠷᠢ ᠪᠠᠷ ᠭᠠᠷᠰᠢᠭᠤᠯᠤᠨ ᠰᠤᠷᠭᠠᠬᠤ ᠰᠠᠨᠠᠭ᠎ᠠ ᠲᠠᠢ︾ ᠭᠡᠵᠦ ᠶᠠᠷᠢᠯ᠎ᠠ᠃          ᠥᠪᠥᠷ ᠮᠣᠩᠭᠤᠯ ᠤᠨ ᠲᠠᠯ᠎ᠠ ᠨᠤᠲᠤᠭ ᠤᠨ ᠴᠡᠪᠡᠷ ᠴᠢᠰᠤᠨ ᠤ ᠠᠳᠤᠭᠤ ᠪᠣᠶᠢᠵᠢᠭᠤᠯᠬᠤ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠬᠥᠬᠡᠪᠠᠷᠰ ᠢᠯᠡᠷᠬᠡᠶᠢᠯᠡᠬᠦ ᠳᠡᠭᠡᠨ᠂ ᠪᠢᠳᠡ ᠵᠢᠯ ᠪᠦᠷᠢ ᠬᠠᠪᠤᠷ ᠤᠨ ᠤᠯᠠᠷᠢᠯ ᠪᠠ ᠨᠠᠮᠤᠷ ᠤᠨ ᠤᠯᠠᠷᠢᠯ ᠳᠤ ᠬᠤᠶᠠᠷ ᠤᠳᠠᠭ᠎ᠠ ᠦᠨ᠎ᠡ ᠬᠠᠶᠠᠯᠴᠠᠨ ᠬᠤᠳᠠᠯᠳᠤᠬᠤ ᠴᠤᠭᠯᠠᠭᠠᠨ ᠡᠷᠬᠢᠯᠡᠳᠡᠭ᠂ ᠡᠨᠡ ᠤᠳᠠᠭ᠎ᠠ ᠶᠢᠨ ᠠᠵᠢᠯᠯᠠᠭ᠎ᠠ ᠨᠢ ᠪᠠᠰᠠ ᠴᠤ ᠳᠠᠷᠠᠭᠠᠴᠢ ᠶᠢᠨ ᠤᠷᠤᠯᠳᠤᠭᠠᠨ ᠳᠤ ᠵᠣᠷᠢᠭᠤᠯᠤᠭᠰᠠᠨ ᠪᠠᠶᠢᠭ᠎ᠠ ᠶᠤᠮ᠃ ᠦᠨ᠎ᠡ ᠬᠠᠶᠠᠯᠴᠠᠨ ᠬᠤᠳᠠᠯᠳᠤᠬᠤ ᠴᠤᠭᠯᠠᠭᠠᠨ ᠨᠢ ᠰᠢᠯᠢᠳᠡᠭ ᠡᠭᠦᠯᠳᠡᠷ ᠤᠨ ᠠᠳᠤᠭᠤᠨ ᠤ ᠠᠷᠠᠯᠵᠢᠶᠠᠨ ᠤ ᠲᠠᠪᠴᠠᠩ ᠪᠣᠯᠬᠤ ᠪᠠᠷ ᠪᠠᠷᠠᠬᠤ ᠦᠭᠡᠢ ᠨᠠᠩ ᠴᠤ ᠡᠭᠦᠯᠳᠡᠷ ᠪᠣᠶᠢᠵᠢᠭᠤᠯᠬᠤ᠂ ᠠᠷᠠᠯᠵᠢᠶ᠎ᠠ ᠬᠢᠬᠦ᠂ ᠤᠷᠤᠯᠳᠤᠭᠠᠨ ᠡᠷᠬᠢᠯᠡᠬᠦ᠂ ᠰᠣᠶᠣᠯ ᠵᠢᠭᠤᠯᠴᠢᠯᠠᠯ ᠵᠡᠷᠭᠡ ᠪᠥᠬᠦ ᠠᠵᠤ ᠦᠢᠯᠡᠰ ᠤᠨ ᠬᠡᠯᠬᠢᠶ᠎ᠡ ᠶᠢ ᠬᠤᠯᠪᠣᠵᠤ ᠡᠬᠢᠯᠡᠭᠰᠡᠨ ᠪᠠᠶᠢᠨ᠎ᠠ ᠭᠡᠵᠡᠢ᠃  
 
ᠢᠷᠡᠯᠲᠡ᠄ ᠰᠢᠯᠢ ᠶᠢᠨ ᠭᠤᠣᠯ ᠮᠣᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号