ᠦᠨᠳᠦᠰᠦᠨ ᠱᠠᠲᠤᠨ ᠤ ᠵᠠᠰᠠᠯᠲᠠ ᠶᠢᠨ ᠶᠠᠪᠤᠳᠠᠯ ᠨᠢᠭᠡᠪᠦᠷᠢ ᠨᠢ ᠴᠥᠮ ᠠᠷᠠᠳ ᠤᠨ ᠠᠮᠢᠳᠤᠷᠠᠯ ᠲᠠᠢ ᠨᠢᠭᠲᠠ | ᠬᠤᠯᠪᠣᠭᠳᠠᠳᠠᠭ᠃ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠨᠡᠶᠢᠭᠡᠮ ᠲᠣᠭᠤᠷᠢᠭ ᠨᠢ ᠣᠯᠠᠨ | ᠲᠦᠮᠡᠨ ᠳᠤ ᠦᠢᠯᠡᠴᠢᠯᠡᠬᠦ ᠪᠠᠷ ᠭᠤᠣᠯ ᠪᠣᠯᠭᠠᠨ᠂ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠦᠷᠭᠦᠯᠵᠢᠯᠡᠨ | ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠬᠦ ᠵᠠᠮ ᠢ ᠲᠠᠰᠤᠷᠠᠯᠲᠠ ᠦᠭᠡᠢ | ᠬᠠᠶᠢᠨ ᠰᠦᠪᠡᠭᠴᠢᠯᠡᠵᠦ᠂ ᠨᠡᠶᠢᠭᠡᠮ ᠲᠣᠭᠤᠷᠢᠭ ᠤᠨ ᠬᠠᠮᠲᠤ ᠪᠠᠷ ᠵᠠᠰᠠᠬᠤ ᠰᠢᠨ᠎ᠡ ᠪᠠᠶᠢᠳᠠᠯ ᠢ ᠠᠮᠵᠢᠯᠲᠠ ᠲᠠᠢ ᠪᠣᠢ | ᠪᠣᠯᠭᠠᠨ᠂ ᠨᠡᠶᠢᠭᠡᠮ ᠲᠣᠭᠤᠷᠢᠭ ᠤᠨ ᠵᠠᠰᠠᠯᠲᠠ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠨᠡᠮᠡᠷᠢᠯᠡᠭᠰᠡᠨ ᠪᠠᠶᠢᠨ᠎ᠠ | ᠃ | 5 ᠰᠠᠷ᠎ᠠ ᠶᠢᠨ 21 ᠤ ᠡᠳᠦᠷ᠂ ᠪᠠᠶᠠᠨᠬᠤᠰᠢᠭᠤ ᠵᠡᠭᠡᠯᠢ ᠶᠢᠨ ᠨᠠᠮ ᠤᠨ ᠡᠭᠦᠷ ᠤᠨ ᠠᠵᠢᠯᠯᠠᠬᠤ ᠥᠷᠲᠡᠭᠡᠨ ᠳᠤ | ᠥᠷᠨᠢᠭᠦᠯᠦᠭᠰᠡᠨ ︽ᠨᠡᠶᠢᠭᠡᠮ ᠲᠣᠭᠤᠷᠢᠭ ᠤᠨ ᠬᠠᠮᠢᠶᠠᠷᠤᠭᠴᠢ︾ ᠶᠢᠨ ᠦᠢᠯᠡᠴᠢᠯᠡᠭᠡᠨ ᠤ ᠡᠬᠢᠯᠡᠯᠲᠡ ᠶᠢᠨ ᠶᠣᠰᠣᠯᠠᠯ | ᠨᠢ ᠮᠠᠰᠢ ᠣᠯᠠᠨ ᠰᠠᠭᠤᠭᠠᠯᠢ ᠠᠷᠠᠳ ᠤᠨ ᠠᠩᠬᠠᠷᠤᠯ ᠢ ᠲᠠᠲᠠᠪᠠ᠃ ︽ᠪᠢ ᠬᠠᠭᠤᠴᠢᠨ ᠰᠠᠭᠤᠭᠠᠯᠢ ᠲᠣᠭᠤᠷᠢᠭ ᠲᠤ | ᠰᠠᠭᠤᠳᠠᠭ᠂ ᠥᠩᠭᠡᠷᠡᠭᠰᠡᠨ ᠳᠤ ᠭᠡᠷ ᠲᠤ ᠤᠰᠤ ᠴᠠᠬᠢᠯᠭᠠᠨ ᠤ ᠠᠰᠠᠭᠤᠳᠠᠯ ᠭᠠᠷᠪᠠᠯ ᠰᠡᠯᠪᠢᠨ ᠵᠠᠰᠠᠬᠤ ᠠᠵᠢᠯᠴᠢᠨ ᠢ | ᠡᠷᠢᠬᠦ ᠳᠤ ᠲᠤᠩ ᠶᠠᠷᠰᠢᠭ ᠲᠠᠢ᠂ ᠦᠨ᠎ᠡ ᠬᠠᠩᠰᠢ ᠨᠢ ᠪᠠᠰᠠ ᠲᠣᠳᠣᠷᠬᠠᠢ ᠦᠭᠡᠢ ᠪᠠᠶᠢᠭᠰᠠᠨ ᠶᠤᠮ᠂ ᠤᠳᠤ ︿ | ᠨᠡᠶᠢᠭᠡᠮ ᠲᠣᠭᠤᠷᠢᠭ ᠤᠨ ᠬᠠᠮᠢᠶᠠᠷᠤᠭᠴᠢ﹀ ᠲᠠᠢ ᠪᠣᠯᠤᠭᠰᠠᠨ ᠨᠢ ᠪᠢᠳᠡᠨ ᠤ ᠬᠦᠴᠢᠷ ᠠᠰᠠᠭᠤᠳᠠᠯ ᠢ ᠦᠨᠡᠬᠡᠷ | ᠰᠢᠢᠳᠪᠦᠷᠢᠯᠡᠵᠦ ᠥᠭᠴᠡᠢ᠂ ᠲᠡᠷᠡ ᠮᠥᠷᠲᠡᠭᠡᠨ ᠦᠨ᠎ᠡ ᠬᠠᠩᠰᠢ ᠨᠢ ᠴᠤ ᠬᠢᠮᠳᠠ ᠪᠣᠯᠬᠤᠷ ᠲᠤᠩ ᠠᠰᠢᠭᠲᠠᠢ ᠪᠠᠶᠢᠨ᠎ᠠ | ︾ ᠭᠡᠵᠦ ᠲᠤᠰ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠸᠠᠩ ᠨᠠᠰᠤᠲᠠᠨ ᠪᠠᠶᠠᠷᠯᠠᠨ ᠬᠡᠯᠡᠵᠦ ᠪᠠᠶᠢᠯ᠎ᠠ᠃ ᠸᠠᠩ | ᠨᠠᠰᠤᠲᠠᠨ ᠤ ᠡᠳᠡᠭᠡᠷ ᠦᠭᠡ ᠨᠢ ᠦᠢ ᠣᠯᠠᠨ ᠰᠠᠭᠤᠭᠠᠯᠢ ᠠᠷᠠᠳ ᠤᠨ ᠰᠡᠳᠬᠢᠯ ᠤᠨ ᠦᠭᠡ ᠪᠥᠭᠡᠳ ︽ᠨᠡᠶᠢᠭᠡᠮ | ᠲᠣᠭᠤᠷᠢᠭ ᠤᠨ ᠬᠠᠮᠢᠶᠠᠷᠤᠭᠴᠢ 365︾ ᠦᠢᠯᠡᠴᠢᠯᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠳᠤ | ᠠᠪᠴᠢᠷᠠᠭᠰᠠᠨ ᠦᠨᠡᠨ ᠪᠣᠳᠠᠲᠠᠢ ᠬᠤᠪᠢᠷᠠᠯᠲᠠ ᠶᠢ ᠬᠠᠷᠠᠭᠤᠯᠵᠤ ᠪᠠᠶᠢᠭ᠎ᠠ ᠶᠤᠮ᠃ | ︽ᠨᠡᠶᠢᠭᠡᠮ ᠲᠣᠭᠤᠷᠢᠭ ᠤᠨ ᠬᠠᠮᠢᠶᠠᠷᠤᠭᠴᠢ 365︾ ᠦᠢᠯᠡᠴᠢᠯᠡᠭᠡᠨ ᠤ ᠲᠥᠷᠥᠯ ᠵᠦᠢᠯ ᠨᠢ ︽ᠡᠳᠦᠷ | ᠪᠦᠷᠢ 1 ᠲᠥᠭᠦᠷᠢᠭ᠂ ᠪᠥᠬᠦ ᠵᠢᠯ ᠳᠤ 365 ᠲᠥᠭᠦᠷᠢᠭ︾ ᠤᠨ ᠲᠦᠭᠡᠮᠡᠯ ᠬᠠᠷᠠᠭᠠᠯᠵᠠᠯ ᠤᠨ ᠵᠠᠭᠪᠤᠷ ᠢᠶᠠᠷ | ᠰᠠᠭᠤᠭᠠᠯᠢ ᠠᠷᠠᠳ ᠤᠨ ᠠᠮᠢᠳᠤᠷᠠᠯ ᠳᠤ ᠦᠢᠯᠡᠴᠢᠯᠡᠭᠰᠡᠨ ᠪᠠᠶᠢᠨ᠎ᠠ᠃ ᠲᠡᠷᠡ ᠨᠢ ᠶᠠᠭ ᠨᠢᠭᠡᠨ ᠪᠦᠷᠢᠨ ᠴᠢᠳᠠᠪᠤᠷᠢᠲᠤ | ᠬᠠᠪᠰᠤᠷᠤᠭᠴᠢ ᠲᠠᠢ ᠠᠳᠠᠯᠢ ᠪᠠᠷ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠲᠤ ᠤᠰᠤ ᠴᠠᠬᠢᠯᠭᠠᠨ᠂ ᠡᠭᠦᠳᠡ | ᠴᠣᠩᠬᠤ᠂ ᠳᠤᠯᠠᠭᠠᠯᠠᠭ᠎ᠠ ᠵᠡᠷᠭᠡ ᠪᠦᠬᠦ ᠲᠠᠯ᠎ᠠ ᠶᠢ ᠬᠠᠮᠤᠷᠤᠭᠰᠠᠨ ᠰᠡᠯᠪᠢᠨ ᠵᠠᠰᠠᠬᠤ ᠦᠨᠳᠦᠰᠦᠨ ᠦᠢᠯᠡᠴᠢᠯᠡᠭᠡ ᠶᠢ | ᠬᠠᠩᠭᠠᠳᠠᠭ᠃ ᠢᠯᠠᠩᠭᠤᠶ᠎ᠠ ᠲᠤᠰᠠᠭᠠᠷ ᠠᠰᠠᠷ᠂ ᠬᠠᠭᠤᠴᠢᠨ ᠰᠠᠭᠤᠭᠠᠯᠢ ᠲᠣᠭᠤᠷᠢᠭ ᠵᠡᠷᠭᠡ ᠨᠢ ᠡᠨᠡ ᠬᠦ | ᠦᠢᠯᠡᠴᠢᠯᠡᠭᠡᠨ ᠤ ᠭᠤᠣᠯᠳᠠᠯᠭ᠎ᠠ ᠲᠠᠢ ᠠᠩᠬᠠᠷᠬᠤ ᠴᠡᠭ ᠪᠣᠯᠤᠭᠰᠠᠨ ᠪᠠᠶᠢᠨ᠎ᠠ᠃ ᠦᠢᠯᠡᠴᠢᠯᠡᠭᠡᠨ ᠤ ᠬᠡᠯᠪᠡᠷᠢ ᠶᠢᠨ | ᠲᠠᠯ᠎ᠠ ᠪᠠᠷ᠂ ᠨᠡᠶᠢᠭᠡᠮ ᠲᠣᠭᠤᠷᠢᠭ ᠲᠤ ︽ᠰᠦᠯᠵᠢᠶᠡᠨ ᠲᠠᠪᠴᠠᠩ + ᠰᠦᠯᠵᠢᠶᠡᠨ ᠭᠠᠳᠠᠨᠠᠬᠢ ᠦᠢᠯᠡᠴᠢᠯᠡᠭᠡᠨ ᠤ | ᠴᠡᠭ︾ ᠭᠡᠬᠦ ᠵᠠᠭᠪᠤᠷ ᠢ ᠬᠡᠷᠡᠭᠯᠡᠵᠦ᠂ ᠰᠠᠭᠤᠭᠠᠯᠢ ᠠᠷᠠᠳ ᠵᠥᠪᠬᠡᠨ ᠸᠢᠴᠠᠲ ᠢᠶᠠᠷ ᠮᠡᠳᠡᠭᠦᠯᠬᠦ᠂ ᠤᠲᠠᠰᠤ ᠪᠠᠷ | ᠵᠠᠬᠢᠶᠠᠯᠠᠬᠤ ᠵᠡᠷᠭᠡ ᠳᠥᠭᠦᠮ ᠳᠥᠲᠡ ᠠᠷᠭ᠎ᠠ ᠵᠠᠮ ᠢᠶᠠᠷ ︽5 ᠮᠢᠨᠦ᠋ᠲ ᠲᠤ ᠬᠠᠷᠢᠭᠤ ᠥᠭᠴᠦ᠂ ᠬᠠᠭᠠᠰ ᠴᠠᠭ ᠲᠤ | ᠭᠡᠷ ᠲᠤ ᠨᠢ ᠬᠦᠷᠬᠦ︾ ᠥᠨᠳᠥᠷ ᠪᠦᠲᠦᠮᠵᠢᠲᠡᠢ ᠦᠢᠯᠡᠴᠢᠯᠡᠭᠡ ᠶᠢ ᠬᠦᠷᠲᠡᠵᠦ ᠳᠡᠶᠢᠯᠬᠦ ᠪᠣᠯᠣᠭᠰᠠᠨ ᠪᠠᠶᠢᠨ᠎ᠠ᠃ | ᠨᠡᠩ ᠳᠤᠷᠠᠳᠤᠭᠤᠰᠢᠲᠠᠢ ᠵᠦᠢᠯ ᠭᠡᠪᠡᠯ᠂ ᠨᠡᠶᠢᠭᠡᠮ ᠲᠣᠭᠤᠷᠢᠭ ᠨᠢ ᠭᠠᠭᠴᠠᠭᠠᠷ ᠰᠠᠭᠤᠭ᠎ᠠ ᠨᠠᠰᠤᠲᠠᠨ᠂ ᠵᠡᠮᠳᠡᠭ | ᠤᠨ ᠭᠡᠷ ᠪᠦᠯᠢ ᠵᠡᠷᠭᠡ ᠣᠨᠴᠠᠭᠠᠶ ᠬᠦᠮᠦᠰ ᠲᠤ ᠴᠢᠭᠯᠡᠭᠦᠯᠦᠨ ︽ᠨᠡᠶᠢᠭᠡᠮ ᠲᠣᠭᠤᠷᠢᠭ ᠤᠨ ᠬᠠᠮᠢᠶᠠᠷᠤᠭᠴᠢ 365︾ | ᠶᠢᠨ ᠦᠢᠯᠡᠴᠢᠯᠡᠭᠡ ᠳᠤ ᠰᠦᠢᠳᠬᠡᠯ ᠬᠤᠷᠢᠶᠠᠬᠤ ᠦᠭᠡᠢ ᠪᠠᠷ ᠭᠡᠷ ᠲᠤᠨᠢ ᠬᠦᠷᠴᠦ ᠪᠠᠶᠢᠴᠠᠭᠠᠨ ᠰᠢᠯᠭᠠᠵᠤ ᠰᠡᠯᠪᠢᠨ | ᠵᠠᠰᠠᠬᠤ᠂ ᠭᠡᠷ ᠠᠬᠤᠢ ᠶᠢᠨ ᠦᠢᠯᠡᠴᠢᠯᠡᠭᠡ ᠶᠢ ᠬᠠᠭᠠᠰ ᠦᠨ᠎ᠡ ᠪᠠᠷ ᠬᠦᠷᠲᠡᠭᠡᠬᠦ ᠵᠡᠷᠭᠡ ᠨᠡᠶᠢᠲᠡ ᠶᠢᠨ ᠠᠰᠠᠷᠠᠮᠵᠢ ᠶᠢᠨ | ᠠᠷᠭ᠎ᠠ ᠬᠡᠮᠵᠢᠶ᠎ᠡ ᠶᠢ ᠬᠡᠷᠡᠭᠵᠢᠭᠦᠯᠪᠡ᠃ ᠡᠲᠡᠭᠡᠷ ᠦᠨᠡᠨ ᠪᠣᠳᠠᠲᠠᠢ ᠠᠵᠢᠯᠯᠠᠭ᠎ᠠ ᠨᠢ ᠲᠡᠳᠡᠨ ᠤ ᠠᠮᠢᠳᠤᠷᠠᠯ ᠤᠨ | ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠰᠠᠭᠤᠭᠠᠯᠢ ᠠᠷᠠᠳ ᠨᠢᠭᠡᠪᠦᠷᠢ ᠳᠤ ᠨᠡᠶᠢᠭᠡᠮ ᠲᠣᠭᠤᠷᠢᠭ ᠭᠡᠬᠦ ᠶᠡᠭᠡ ᠭᠡᠷ | ᠪᠦᠯᠢ ᠶᠢᠨ ᠬᠠᠯᠠᠮᠵᠢᠯᠠᠯ ᠪᠠ ᠬᠠᠯᠠᠭᠤᠨ ᠳᠤᠯᠠᠭᠠᠨ ᠢ ᠭᠦᠨᠵᠡᠭᠡᠢ ᠮᠡᠳᠡᠷᠡᠭᠦᠯᠦᠭᠰᠡᠨ ᠪᠠᠶᠢᠨ᠎ᠠ᠃ | ︽ᠨᠡᠶᠢᠭᠡᠮ ᠲᠣᠭᠤᠷᠢᠭ ᠤᠨ ᠬᠠᠮᠢᠶᠠᠷᠤᠭᠴᠢ 365︾ ᠶᠢᠨ ᠦᠢᠯᠡᠴᠢᠯᠡᠭᠡ ᠶᠢ ᠡᠬᠢᠯᠡᠭᠦᠯᠦᠭᠰᠡᠨ ᠨᠢ ᠪᠠᠷᠠᠭᠤᠨ | ᠦᠵᠦᠮᠦᠴᠢᠨ ᠬᠤᠰᠢᠭᠤᠨ ᠤ ᠪᠠᠶᠠᠨᠬᠤᠰᠢᠭᠤ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠵᠠᠭᠪᠤᠷ ᠤᠨ ᠨᠢᠭᠡ | ᠤᠳᠠᠭᠠᠨ ᠤ ᠰᠢᠨ᠎ᠡ ᠶᠢ ᠡᠭᠦᠳᠦᠨ ᠲᠠᠰ ᠳᠡᠪᠰᠢᠭᠰᠡᠨ ᠶᠠᠪᠤᠳᠠᠯ ᠪᠣᠯᠬᠤ ᠪᠠᠷ ᠪᠠᠷᠠᠬᠤ ᠦᠭᠡᠢ᠂ ᠨᠠᠩ ᠴᠤ ᠦᠨᠳᠦᠰᠦᠨ | ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠶᠢᠨ ᠠᠮᠢᠳᠤᠯᠢᠭ ᠦᠢᠯᠡᠳᠦᠯᠭᠡ ᠪᠣᠯᠬᠤ ᠶᠤᠮ᠃ ᠲᠡᠷᠡ ᠨᠢ ᠰᠠᠭᠤᠭᠠᠯᠢ | ᠠᠷᠠᠳ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠲᠦᠭᠡᠮᠡᠯ ᠬᠠᠷᠠᠭᠠᠯᠵᠠᠯ ᠪᠠ ᠨᠡᠶᠢᠲᠡ ᠶᠢᠨ ᠠᠰᠠᠷᠠᠮᠵᠢ ᠶᠢ | ᠬᠠᠷᠢᠯᠴᠠᠨ ᠤᠶᠠᠯᠳᠤᠭᠤᠯᠵᠤ᠂ ᠰᠠᠭᠤᠭᠠᠯᠢ ᠠᠷᠠᠳ ᠲᠤ ᠳᠥᠭᠦᠮ ᠳᠥᠲᠡ ᠬᠠᠯᠠᠭᠤᠨ ᠳᠤᠯᠠᠭᠠᠨ ᠦᠢᠯᠡᠴᠢᠯᠡᠭᠡ | ᠬᠠᠩᠭᠠᠵᠤ᠂ ᠨᠡᠶᠢᠭᠡᠮ ᠲᠣᠭᠤᠷᠢᠭ ᠤᠨ ᠵᠠᠰᠠᠯᠲᠠ ᠳᠤ ᠰᠢᠨ᠎ᠡ ᠰᠡᠳᠬᠢᠮᠵᠢ ᠪᠠ ᠴᠢᠭᠯᠡᠯ ᠢ ᠬᠠᠩᠭᠠᠭᠰᠠᠨ ᠪᠠᠶᠢᠨ᠎ᠠ᠃ | |