ᠪᠠᠷᠠᠭᠤᠨ ᠦᠵᠦᠮᠦᠴᠢᠨ ᠬᠤᠰᠢᠭᠤ ᠡᠪᠡᠰᠦ ᠪᠡᠯᠴᠢᠭᠡᠷ ᠤᠨ ᠬᠢᠨᠠᠨ ᠬᠡᠮᠵᠢᠯᠳᠡ ᠶᠢᠨ ᠠᠵᠢᠯ ᠢ ᠰᠠᠶᠢᠳᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2025/5/23
     ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ᠠᠵᠢᠯᠯᠠᠬᠤ ᠥᠷᠲᠡᠭᠡᠨ ᠤ ᠠᠵᠢᠯᠲᠠᠳ ᠨᠢ ᠦᠨᠦᠳᠦᠷ ᠡᠪᠡᠰᠦ ᠪᠡᠯᠴᠢᠭᠡᠷ ᠤᠨ ᠤᠷᠭᠤᠴᠠ ᠶᠢᠨ ᠪᠠᠶᠢᠳᠠᠯ ᠢ ᠬᠢᠨᠠᠨ ᠬᠡᠮᠵᠢᠬᠦ ᠲᠤᠰᠬᠠᠢ ᠴᠡᠭ ᠢᠶᠠᠷ ᠬᠦᠷᠴᠦ ᠬᠢᠨᠠᠨ ᠬᠡᠮᠵᠢᠯᠳᠡ ᠬᠢᠪᠡ᠃ 4 ᠰᠠᠷ᠎ᠠ ᠶᠢᠨ 2 ᠤᠨ ᠡᠳᠦᠷ ᠠᠴᠠ 5 ᠰᠠᠷ᠎ᠠ ᠶᠢᠨ 21 ᠤ ᠡᠳᠦᠷ ᠪᠣᠯᠲᠠᠯ᠎ᠠ᠂ ᠪᠦᠬᠦ ᠬᠤᠰᠢᠭᠤᠨ ᠤ 31 ᠬᠢᠨᠠᠨ ᠬᠡᠮᠵᠢᠯᠳᠡ ᠶᠢᠨ ᠴᠡᠭ ᠢᠶᠠᠷ ᠭᠤᠤᠯᠳᠠᠭᠤᠯᠤᠨ 8 ᠤᠳᠠᠭᠠᠨ ᠤ ᠡᠪᠡᠰᠦ ᠪᠡᠯᠴᠢᠭᠡᠷ ᠤᠨ ᠤᠷᠭᠤᠯᠳᠠ ᠶᠢᠨ ᠬᠢᠨᠠᠨ ᠪᠠᠶᠢᠴᠠᠭᠠᠯᠳᠠ  ᠶᠢ ᠬᠢᠵᠦ ᠬᠡᠮᠵᠢᠯᠳᠡ ᠶᠢᠨ ᠲᠤᠭ᠎ᠠ ᠪᠠᠷᠢᠮᠳᠠ ᠶᠢ ᠲᠡᠮᠳᠡᠭᠯᠡᠨ ᠠᠪᠴᠤ ᠲᠠᠯ᠎ᠠ ᠨᠤᠲᠤᠭ ᠤᠨ ᠡᠪᠡᠰᠦ ᠪᠡᠯᠴᠢᠭᠡᠷ ᠤᠨ ᠤᠷᠭᠤᠴᠠ ᠶᠢᠨ ᠪᠠᠶᠢᠳᠠᠯ ᠢ ᠴᠠᠭ ᠲᠤᠬᠠᠢ ᠳᠤᠨᠢ ᠪᠥᠬᠦ ᠲᠠᠯ᠎ᠠ ᠪᠠᠷ ᠡᠵᠡᠮᠳᠡᠭᠰᠡᠨ ᠪᠠᠶᠢᠨ᠎ᠠ᠃     ᠣᠶᠢᠯᠠᠭᠠᠭᠰᠠᠨ ᠢᠶᠠᠷ᠂ ᠡᠨᠡ ᠬᠠᠪᠤᠷ ᠤᠨ ᠠᠭᠠᠷ ᠤᠨ ᠳᠤᠯᠠᠭᠠᠨ ᠡᠩ ᠤᠨ ᠵᠢᠯ ᠤᠨ ᠬᠢ ᠠᠴᠠ ᠳᠣᠣᠷ᠎ᠠ ᠴᠦ ᠬᠤᠷ᠎ᠠ ᠲᠤᠨᠤᠳᠠᠰᠤ ᠶᠢᠨ ᠬᠡᠮᠵᠢᠶ᠎ᠡ ᠨᠡᠮᠡᠭᠳᠡᠨ ᠡᠪᠡᠰᠦ ᠪᠡᠯᠴᠢᠭᠡᠷ ᠤᠨ ᠤᠷᠭᠤᠴᠠ ᠰᠠᠶᠢᠨ ᠪᠠᠶᠢᠵᠤ᠂ 5 ᠰᠠᠷ᠎ᠠ ᠶᠢᠨ 21 ᠤ ᠡᠳᠦᠷ ᠪᠣᠯᠲᠠᠯ᠎ᠠ᠂ ᠤᠷᠭᠤᠮᠠᠯ ᠤᠨ ᠬᠤᠴᠢᠯᠭ᠎ᠠ ᠶᠢᠨ ᠳᠤᠮᠳᠠᠴᠢ ᠪᠦᠷᠬᠦᠴᠡ 47%᠂ ᠡᠪᠡᠰᠦᠨ ᠤ ᠳᠤᠮᠳᠠᠴᠢ ᠥᠨᠳᠥᠷ ᠤᠨ ᠬᠡᠮᠵᠢᠶ᠎ᠡ 11 ᠰᠠᠨᠲ᠋ᠢᠮᠧᠲᠷ ᠪᠤᠯᠪᠠ᠃ ᠲᠦᠷᠦᠭᠦᠸ ᠵᠢᠯ ᠤᠨ ᠨᠤᠲᠤᠭ ᠪᠡᠯᠴᠢᠭᠡᠷ ᠤᠨ ᠤᠷᠭᠤᠴᠠ ᠶᠢ ᠬᠢᠨᠠᠨ ᠬᠡᠮᠵᠢᠭᠰᠡᠨ ᠦᠷ᠎ᠡ ᠳ᠋ᠦᠩ ᠲᠠᠢ ᠬᠠᠷᠢᠴᠠᠭᠤᠯᠪᠠᠯ᠂ ᠪᠠᠶᠢᠭᠠᠯᠢᠯᠢᠭ ᠪᠡᠯᠴᠢᠭᠡᠷ ᠤᠨ ᠳᠤᠮᠳᠠᠴᠢ ᠪᠦᠷᠬᠦᠴᠡ 7 ᠵᠠᠭᠤᠨ ᠤ ᠨᠢᠭᠡᠴᠢ ᠳᠡᠭᠡᠭᠰᠢᠯᠡᠵᠦ᠂ ᠥᠨᠳᠥᠷ ᠤᠨ ᠬᠡᠮᠵᠢᠶ᠎ᠡ ᠨᠢ ᠲᠦᠷᠦᠭᠦᠸ ᠵᠢᠯ ᠤᠨ ᠬᠢ ᠲᠠᠢ ᠠᠳᠠᠯᠢ ᠪᠠᠶᠢᠨ᠎ᠠ᠃     ᠨᠤᠲᠤᠭ ᠪᠡᠯᠴᠢᠭᠡᠷ ᠪᠣᠯ ᠴᠢᠬᠤᠯᠠ ᠠᠮᠢ ᠠᠬᠤᠢ ᠶᠢᠨ ᠰᠢᠰᠲ᠋ᠧᠮ ᠪᠠᠶᠢᠵᠤ ᠰᠡᠷᠭᠦᠨ ᠨᠤᠭᠤᠭᠠᠷᠠᠬᠤ ᠪᠠᠶᠢᠳᠠᠯ ᠨᠢ ᠮᠠᠯ ᠠᠵᠤ ᠠᠬᠤᠢ ᠶᠢᠨ ᠬᠥᠭᠵᠢᠯᠲᠡ ᠪᠠ ᠠᠮᠢ ᠠᠬᠤᠢ ᠶᠢᠨ ᠲᠡᠩᠴᠡᠭᠦᠷᠢ ᠳᠤ ᠴᠢᠬᠤᠯᠠ ᠠᠴᠢ ᠬᠤᠯᠪᠤᠭᠳᠠᠯ ᠲᠠᠢ ᠪᠠᠶᠢᠳᠠᠭ᠃ ᠪᠠᠷᠠᠭᠤᠨ ᠦᠵᠦᠮᠦᠴᠢᠨ ᠬᠤᠰᠢᠭᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠠᠮᠢ ᠠᠬᠤᠢ ᠶᠢ ᠲᠡᠷᠢᠭᠦᠨ ᠳᠤ ᠲᠠᠯᠪᠢᠬᠤ ᠪᠣᠬᠢᠷᠲᠤᠯ ᠦᠭᠡᠢ ᠬᠦᠭᠵᠢᠯᠳᠡ ᠶᠢᠨ ᠵᠠᠮ ᠢᠶᠠᠷ ᠵᠠᠮᠨᠠᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠦ᠂ ᠰᠡᠯᠭᠦᠨ ᠮᠠᠯᠵᠢᠬᠤ᠂ ᠪᠡᠯᠴᠢᠭᠡᠷᠯᠡᠭᠦᠯᠬᠦ ᠶᠢ ᠵᠣᠭᠰᠤᠭᠠᠬᠤ᠂ ᠡᠯᠡᠰᠦ ᠶᠢ ᠲᠣᠭᠲᠠᠪᠤᠷᠢᠵᠢᠭᠤᠯᠬᠤ ᠵᠡᠷᠭᠡ ᠠᠷᠭ᠎ᠠ ᠬᠡᠮᠵᠢᠶ᠎ᠡ ᠶᠢ ᠡᠷᠴᠢᠮᠳᠡᠢ ᠬᠡᠷᠡᠭᠵᠢᠭᠦᠯᠦᠭᠰᠡᠨ ᠢᠶᠠᠷ ᠡᠯᠡᠰᠦᠷᠬᠡᠭᠵᠢᠨ ᠮᠠᠭᠤᠳᠠᠭᠰᠠᠨ ᠲᠠᠯᠠᠪᠠᠶ ᠵᠢᠯ ᠳᠠᠷᠠᠭᠠᠯᠠᠨ ᠪᠠᠭᠠᠰᠴᠤ ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠰᠠᠶᠢᠵᠢᠷᠠᠪᠠ᠃ ᠡᠨᠡ ᠵᠢᠯ 5 ᠰᠠᠷ᠎ᠠ ᠶᠢᠨ ᠳᠤᠮᠳᠠᠴᠢ ᠪᠤᠯᠬᠤ ᠳᠤ ᠡᠪᠡᠰᠦ ᠪᠡᠯᠴᠢᠭᠡᠷ ᠨᠡᠶᠢᠳᠡᠮ ᠨᠣᠭᠤᠭᠠᠷᠠᠵᠤ᠂ ᠮᠠᠯ ᠤᠨᠤᠭᠠᠨ ᠤ ᠲᠠᠷᠭᠤ ᠬᠦᠴᠦ ᠠᠪᠬᠤ ᠳᠤ ᠠᠰᠢᠭᠲᠠᠢ ᠪᠤᠯᠤᠭᠰᠠᠨ ᠢᠶᠠᠷ ᠪᠠᠷᠠᠬᠤ ᠦᠭᠡᠢ᠂ ᠵᠢᠭᠤᠯᠴᠢᠯᠠᠯ ᠤᠨ ᠦᠢᠯᠡᠰ ᠲᠤ ᠰᠢᠨ᠎ᠡ ᠠᠵᠠ ᠲᠣᠬᠢᠶᠠᠯ ᠠᠪᠴᠢᠷᠠᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号