5 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠪᠦᠦ ᠯᠢᠨ ᠠᠷᠪᠠᠨ ᠭᠤᠷᠪᠠᠳᠤᠭᠠᠷ | ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 118 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ | ᠬᠤᠷᠠᠯ ᠵᠢᠴᠢ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ | ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ | ᠤᠯᠤᠰ ᠤᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠨᠠᠷ ᠤᠨ ᠬᠤᠷᠠᠯ | ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠶᠢᠨ | ᠣᠷᠳᠣᠰ ᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠵᠢᠴᠢ ︽ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠳᠦᠷᠢᠮ︾᠂ ︽ | ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ | ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠢᠶᠠᠷ ᠠᠬᠢᠭᠤᠯᠬᠤ ᠲᠤᠬᠠᠢ | ᠬᠡᠷᠡᠭᠵᠢᠭᠦᠯᠬᠦ ᠰᠠᠨᠠᠯ︾ ᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠰᠣᠳᠤᠯᠵᠤ ᠬᠢᠨᠠᠨ ᠵᠥᠪᠯᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠪᠦᠬᠦ ᠬᠤᠰᠢᠭᠤ ᠪᠠᠷ ᠢᠶᠠᠨ ᠪᠦᠬᠦ ᠤᠯᠤᠰ ᠤᠨ ᠨᠠᠮ ᠤᠨ ᠬᠤᠷᠢᠶ᠎ᠠ ᠪᠣᠯᠣᠨ | ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠯᠪᠠᠨ ᠲᠢᠩᠬᠢᠮ ᠤᠨ ᠠᠵᠢᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠥᠬᠦ ᠬᠤᠰᠢᠭᠤᠨ ᠤ | ᠠᠯᠪᠠᠯᠠᠬᠤ ᠰᠢᠰᠲ᠋ᠧᠮ ᠤᠨ ᠬᠢᠨ ᠤ ︽ᠲᠠᠪᠤ ᠶᠢ ᠪᠠᠷᠢᠮᠲᠠᠯᠠᠬᠤ︾ ᠶᠢ ᠨᠠᠷᠢᠨ ᠬᠢᠨᠠᠮᠠᠭᠠᠢ ᠲᠤᠤᠱᠯᠠᠭᠤᠯᠬᠤ ᠶᠢ | ᠠᠬᠢᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠲᠠᠯ᠎ᠠ ᠪᠠᠷ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠵᠦ᠂ ᠪᠠᠷᠢᠮᠵᠢᠶ᠎ᠠ ᠶᠢ ᠳᠡᠭᠡᠭᠰᠢᠯᠡᠭᠦᠯᠬᠦ ᠳᠤ ᠴᠢᠩᠭ᠎ᠠ ᠱᠠᠭᠠᠷᠳᠠᠯᠭ᠎ᠠ ᠲᠠᠯᠪᠢᠬᠤ ᠲᠠᠯ᠎ᠠ ᠪᠠᠷ | ᠬᠡᠪ ᠳᠠᠭᠤᠷᠢᠶᠠᠯ ᠦᠵᠡᠭᠦᠯᠦᠨ᠂ ︽ᠭᠤᠷᠪᠠ ᠳᠤ ᠦᠢᠯᠡᠴᠢᠯᠡᠬᠦ︾ ᠠᠵᠢᠯ ᠤᠨ ᠴᠢᠳᠠᠪᠤᠷᠢ ᠶᠢᠨ ᠬᠢᠷᠢ ᠲᠦᠪᠰᠢᠨ ᠢ | ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠪᠦᠬᠦ ᠬᠤᠰᠢᠭᠤ ᠪᠠᠷ ᠢᠶᠠᠨ ᠰᠦᠨ ᠱᠣᠣ ᠴᠧᠩ ᠱᠦᠵᠢ ᠶᠢᠨ ᠣᠷᠳᠣᠰ | ᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠮᠠᠨ ᠤ ᠬᠤᠰᠢᠭᠤ ᠨᠢ ᠠᠵᠤ ᠠᠬᠤᠢ ᠶᠢᠨ ᠲᠣᠮᠣ ᠬᠤᠰᠢᠭᠤ ᠪᠣᠯᠤᠭᠰᠠᠨ ᠤ ᠬᠤᠪᠢ ᠳᠤ ᠭᠤᠣᠯ | ᠡᠭᠦᠷᠭᠡ ᠶᠢ ᠡᠭᠦᠷᠭᠡᠯᠡᠵᠦ᠂ ᠬᠤᠰᠢᠭᠤᠴᠢ ᠪᠣᠯᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ | ᠪᠣᠳᠠᠲᠠᠶᠢᠵᠢᠭᠤᠯᠵᠤ᠂ ᠤᠳᠤᠷᠢᠳᠤᠯᠭ᠎ᠠ ᠠᠵᠢᠯ ᠬᠤᠪᠢᠶᠠᠷᠢᠯᠠᠨ ᠬᠠᠷᠢᠭᠤᠴᠠᠯᠭ᠎ᠠ ᠡᠭᠦᠷᠭᠡᠯᠡᠬᠦ᠂ ᠰᠠᠯᠠᠭ᠎ᠠ ᠮᠥᠴᠢᠷ | ᠲᠦᠷᠦᠭᠦᠯᠡᠨ ᠬᠠᠷᠢᠭᠤᠴᠠᠬᠤ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠵᠤ᠂ ᠮᠣᠩᠭᠤᠯ ᠮᠣᠷᠢᠨ ᠤ ᠵᠣᠷᠢᠭ | ᠰᠠᠨᠠᠭ᠎ᠠ ᠶᠢ ᠪᠠᠳᠠᠷᠠᠭᠤᠯᠤᠨ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠴᠢᠨᠠᠷ | ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠪᠦᠬᠦ ᠬᠤᠰᠢᠭᠤ ᠪᠠᠷ ᠢᠶᠠᠨ ︽ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠠᠵᠢᠯ ᠤᠨ ᠳᠦᠷᠢᠮ︾ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ | ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠱᠠᠯᠠᠪᠳᠠᠭᠤᠯᠤᠨ ᠪᠠᠶᠢᠴᠠᠭᠠᠬᠤ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ | ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠡᠨᠡᠬᠦ ᠴᠢᠬᠤᠯᠠ ᠤᠯᠤᠰ ᠲᠦᠷᠦ ᠶᠢᠨ ᠡᠭᠦᠷᠭᠡ ᠶᠢ ᠰᠠᠶᠢᠲᠤᠷ | ᠠᠳᠬᠤᠬᠤ ᠶᠢ ᠪᠠᠲᠤᠯᠠᠬᠤ ᠬᠡᠷᠡᠭᠲᠡᠢ᠃ ︽ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠴᠢᠨᠠᠭᠰᠢᠳᠠ | ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ | ᠪᠠᠲᠤᠲᠠᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ | ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠥᠬᠦ ᠲᠠᠯ᠎ᠠ ᠪᠠᠷ ᠣᠨᠣᠪᠴᠢᠲᠠᠶ ᠲᠤᠤᠱᠯᠠᠭᠤᠯᠤᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠵᠤ᠂ ᠠᠮᠢ | ᠠᠬᠤᠢ ᠶᠢ ᠲᠡᠷᠢᠭᠦᠨ ᠳᠤ ᠲᠠᠯᠪᠢᠭᠰᠠᠨ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ᠮᠠᠯᠵᠢᠬᠤ | ᠣᠷᠣᠨ ᠤ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠡᠢ᠃ | | ᠬᠤᠷᠠᠯ ᠳᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ | ᠦᠷ᠎ᠡ ᠪᠦᠲᠦᠭᠡᠯ ᠤᠨ ᠮᠡᠳᠡᠭᠦᠯᠦᠯᠲᠡ ᠶᠢᠨ ᠦᠵᠡᠭᠦᠯᠦᠯᠭᠡ ᠶᠢᠨ ᠰᠢᠷᠢᠰ ᠠᠵᠢᠯᠯᠠᠭ᠎ᠠ ᠶᠢᠨ ᠪᠡᠯᠡᠳᠬᠡᠯ ᠠᠵᠢᠯ ᠢ | ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠨᠢᠭᠡᠳᠦᠮᠡᠯ ᠹᠷᠣᠨᠲ ᠤᠨ ᠠᠵᠢᠯ ᠤᠨ ᠬᠠᠮᠢᠶ᠎ᠠ ᠪᠦᠬᠦᠢ ᠪᠢᠴᠢᠭ | ᠮᠠᠲ᠋ᠧᠷᠢᠶᠠᠯ ᠢ ᠬᠢᠨᠠᠨ ᠵᠥᠪᠯᠡᠵᠦ ᠰᠤᠳᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠠᠵᠢᠯ ᠤᠨ ᠭᠤᠣᠯ ᠰᠢᠵᠢᠮ ᠢ ᠪᠠᠲᠤ ᠴᠣᠭᠴᠠᠯᠠᠬᠤ ᠲᠠᠢ ᠨᠢᠭᠲᠠ ᠤᠶᠠᠯᠳᠤᠭᠤᠯᠤᠨ᠂ ᠠᠵᠢᠯ ᠤᠨ | ᠰᠠᠭᠤᠷᠢ ᠪᠠᠨ ᠪᠠᠬᠢᠵᠢᠭᠦᠯᠵᠦ᠂ ᠳᠤᠲᠠᠭᠳᠠᠯ ᠲᠠᠢ ᠲᠠᠯ᠎ᠠ ᠪᠠᠨ ᠨᠥᠬᠦᠪᠦᠷᠢᠯᠡᠵᠦ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠣᠭᠴᠠᠯᠠᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠬᠡᠷᠡᠭᠲᠡᠢ᠃ ᠨᠢᠭᠡᠳᠦᠮᠡᠯ ᠹᠷᠣᠨᠲ ᠤᠨ ᠬᠥᠮᠥᠰ ᠤᠨ ᠰᠡᠳᠬᠢᠯ ᠢ ᠨᠢᠭᠲᠠᠷᠠᠭᠤᠯᠬᠤ᠂ ᠬᠦᠴᠦᠨ | ᠴᠢᠳᠠᠯ ᠢ ᠨᠢᠭᠲᠠᠷᠠᠭᠤᠯᠬᠤ ᠤᠯᠤᠰ ᠲᠥᠷᠥ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡᠳᠦᠮᠡᠯ ᠹᠷᠣᠨᠲ ᠤᠨ | ᠡᠯ᠎ᠡ ᠲᠥᠷᠥᠯ ᠤᠨ ᠭᠤᠣᠯ ᠰᠡᠳᠦᠪᠲᠦ ᠬᠥᠮᠦᠵᠢᠯ ᠪᠠ ᠤᠯᠤᠰ ᠲᠥᠷᠥ ᠶᠢᠨ ᠪᠣᠯᠪᠠᠰᠤᠷᠠᠯ ᠢ ᠯᠠᠪᠳᠠᠭᠤᠨ ᠪᠠᠲᠤᠲᠠᠢ | ᠥᠷᠨᠢᠭᠦᠯᠵᠦ᠂ ᠨᠠᠮ ᠤᠨ ᠭᠠᠳᠠᠨᠠᠬᠢ ᠬᠥᠮᠥᠰ ᠤᠨ ᠪᠣᠳᠠᠲᠤ ᠠᠵᠢᠯᠯᠠᠭ᠎ᠠ ᠪᠠᠷ ᠢᠶᠠᠨ ᠪᠥᠬᠦ ᠬᠤᠰᠢᠭᠤᠨ ᠤ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠡᠷᠭᠦᠬᠦ ᠶᠢ ᠬᠥᠲᠥᠯᠥᠨ ᠵᠢᠯᠣᠭᠤᠳᠬᠤ | ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃ |