ᠲᠠᠯ᠎ᠠ ᠨᠤᠲᠤᠭ ᠤᠨ ᠬᠡᠦᠬᠡᠳ ᠤᠨ ᠨᠠᠶᠢᠷᠠᠯ ᠲᠠᠭᠤᠨ ᠤ ᠪᠦᠯᠬᠦᠮ ᠸᠢᠶᠧᠨᠠ ᠶᠢᠨ ᠤᠯᠠᠨ ᠤᠯᠤᠰ ᠤᠨ ᠰᠤᠷᠤᠬᠴᠢᠳ ᠤᠨ ᠤᠷᠠᠯᠢᠭ ᠤᠨ ᠨᠠᠶᠢᠷ ᠤᠨ ᠤᠷᠢᠯᠭ᠎ᠠ ᠶᠢ ᠲᠤᠰᠤᠯ᠎ᠠ
ᠨᠡᠶᠢᠲᠡᠯᠡᠭᠰᠡᠨ ᠴᠠᠭ᠄
2025/5/26
    4 ᠰᠠᠷ᠎ᠠ ᠳᠤ ᠶᠠᠪᠤᠭᠳᠠᠭᠰᠠᠨ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠲᠤᠮᠳᠠᠳᠤ ᠪᠠᠭ᠎ᠠ ᠰᠤᠷᠭᠠᠭᠤᠯᠢ ᠶᠢᠨ ᠤᠷᠠᠯᠢᠭ ᠤᠨ ᠦᠵᠡᠭᠦᠯᠭᠡ ᠶᠢᠨ ᠲᠤᠭᠯᠠᠯᠲᠠ ᠳᠤ ᠪᠠᠷᠠᠭᠤᠨ ᠦᠵᠦᠮᠦᠴᠢᠨ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠶᠢᠨ ︽ᠲᠤᠯᠤᠭ᠎ᠠ︾ ᠨᠠᠶᠢᠷᠠᠯ ᠲᠠᠭᠤᠨ ᠤ ᠪᠦᠯᠬᠦᠮ ᠨᠢ ︽ᠠᠮᠢᠨ ᠨᠤᠲᠤᠭ︾ ᠬᠡᠬᠦ ᠨᠠᠶᠢᠷᠠᠯ ᠲᠠᠭᠤᠤ ᠪᠠᠷ ᠢᠶᠠᠨ ᠪᠠᠭ᠎ᠠ ᠰᠤᠷᠭᠠᠭᠤᠯᠢ ᠶᠢᠨ ᠳᠤᠭᠤᠶᠢᠯᠠᠩ ᠤᠨ ᠨᠢᠭᠡᠳᠦᠭᠡᠷ ᠲᠡᠰ ᠤᠨ ᠱᠠᠩᠨᠠᠯ ᠢ ᠬᠦᠷᠲᠡᠵᠦ᠂ ᠢᠷᠠᠭᠤ ᠴᠡᠭᠡᠯᠬᠡᠨ ᠲᠠᠭᠤᠤ ᠬᠤᠭᠤᠯᠠᠢ ᠪᠠᠷ ᠢᠶᠠᠨ ᠦᠵᠡᠭᠴᠢ ᠤᠯᠠᠨ ᠤ ᠰᠤᠨᠤᠷ ᠢ ᠪᠠᠶᠠᠰᠬᠠᠵᠤ᠂ ᠤᠮᠠᠷᠠᠲᠤ ᠬᠢᠯᠢ ᠶᠢᠨ ᠰᠤᠶᠤᠯ ᠤᠨ ᠷᠢᠳᠢ ᠰᠢᠳᠢ ᠶᠢ ᠤᠯᠤᠰ ᠲᠠᠶᠠᠭᠠᠷ ᠭᠠᠶᠢᠬᠠᠭᠤᠯᠤᠭᠰᠠᠨ ᠪᠠᠶᠢᠨ᠎ᠠ᠃ ᠨᠡᠩ ᠲᠤᠷᠠᠳᠤᠭᠤᠰᠢᠲᠠᠢ ᠨᠢ ᠲᠡᠳᠠ ᠤᠷᠴᠢᠮᠬᠠᠨ ᠲᠤᠯᠤᠳᠤᠭᠠᠷ ᠬᠤᠭᠤᠴᠠᠭᠠᠨ ᠤ ᠸᠢᠶᠧᠨᠠ ᠶᠢᠨ ᠤᠯᠠᠨ ᠤᠯᠤᠰ ᠤᠨ ᠰᠤᠷᠤᠬᠴᠢᠳ ᠤᠨ ᠤᠷᠠᠯᠢᠭ ᠤᠨ ᠨᠠᠶᠢᠷ ᠤᠨ ᠤᠷᠢᠯᠭ᠎ᠠ ᠶᠢᠨ ᠪᠢᠴᠢᠭ ᠢ ᠲᠤᠰᠴᠤ ᠰᠤᠨᠤᠰᠤᠭᠰᠠᠨ ᠪᠤᠯᠭᠠᠨ ᠤ ᠰᠡᠳᠬᠢᠯ ᠢ ᠲᠤᠭᠳᠤᠯᠤᠭᠤᠯᠤᠯ᠎ᠠ᠃  
   
   ︽ᠲᠤᠯᠤᠭ᠎ᠠ︾ ᠨᠠᠶᠢᠷᠠᠯ ᠲᠠᠭᠤᠨ ᠤ ᠪᠦᠯᠬᠦᠮ ᠨᠢ 2021 ᠤᠨ ᠤ 9 ᠰᠠᠷ᠎ᠠ ᠳᠤ ᠪᠠᠶᠢᠭᠤᠯᠤᠭᠳᠠᠵᠤ᠂ 2023 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠬᠢᠷᠢ ᠲᠦᠪᠰᠢᠨ ᠪᠥᠬᠦᠶ ᠨᠠᠶᠢᠷᠠᠯ ᠲᠠᠭᠤᠨ ᠤ ᠪᠦᠯᠬᠦᠮ ᠢᠶᠠᠷ ᠰᠣᠩᠭᠤᠭᠳᠠᠪᠠ᠃ ᠭᠡᠰᠢᠭᠦᠳ ᠨᠢ ᠲᠤᠰ ᠰᠤᠷᠭᠠᠭᠤᠯᠢ ᠶᠢᠨ ᠢᠶᠠᠨ ᠲᠠᠭᠤᠤ ᠤᠷᠠᠯᠢᠭ ᠲᠤ ᠠᠪᠢᠶᠠᠰᠤᠲᠠᠢ 16 ᠰᠤᠷᠤᠭᠴᠢ ᠪᠠᠷ ᠪᠦᠷᠢᠯᠳᠦᠵᠦ᠂ ︽ᠠᠮᠢᠨ ᠨᠤᠲᠤᠭ︾ ︽ᠬᠦᠬᠦᠭᠡ ᠰᠢᠪᠠᠭᠤ︾ ᠵᠡᠷᠭᠡ ᠲᠠᠭᠤᠤ ᠪᠠᠷ ᠢᠶᠠᠨ ᠤᠯᠠᠨ ᠰᠠᠶᠢᠬᠠᠨ ᠤᠷᠤᠯᠳᠤᠭᠠᠨ ᠳᠤ  ᠤᠷᠤᠯᠴᠠᠨ᠂ ᠴᠤᠭᠯᠢᠭ ᠪᠠᠶᠠᠰᠬᠤᠯᠠᠨᠩᠳᠤ ᠬᠦᠭ ᠠᠶᠠᠰ ᠬᠢᠭᠡᠳ ᠲᠡᠭᠵᠢᠨ ᠴᠤᠪᠤᠭᠤᠯᠢᠭ ᠬᠦᠳᠡᠯᠦᠯ ᠪᠠᠷᠢᠯ ᠢᠶᠠᠷ ᠤᠷ᠎ᠠ ᠠᠪᠢᠶᠠᠰ ᠢᠶᠠᠨ ᠬᠠᠷᠠᠭᠤᠯᠵᠠᠢ᠃
    ᠲᠤᠰ ᠪᠦᠯᠬᠦᠮ ᠤᠯᠠᠨ ᠤᠳᠠᠭ᠎ᠠ ᠱᠠᠩᠨᠠᠯ ᠬᠦᠬᠢᠭᠦᠯᠦᠯ ᠢᠶᠠᠷ ᠡᠩᠭᠡᠷ ᠢᠶᠠᠨ ᠮᠢᠯᠢᠶᠠᠯᠭᠠᠵᠤ ᠶᠠᠪᠤᠵᠠᠢ᠃ ᠪᠦᠯᠬᠦᠮ  ᠤᠨ ᠵᠢᠯᠤᠭᠤᠳᠤᠭᠴᠢ᠂ ᠪᠠᠷᠠᠭᠤᠨ ᠦᠵᠦᠮᠦᠴᠢᠨ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠶᠢᠨ ᠲᠠᠭᠤᠤ ᠬᠦᠭᠵᠢᠮ ᠤᠨ ᠪᠠᠭᠰᠢ ᠪᠠᠶᠠᠷᠲᠤ ᠶᠢᠨ ᠨᠠᠶᠢᠷᠠᠭᠤᠯᠤᠨ ᠵᠢᠯᠤᠭᠤᠳᠤᠭᠰᠠᠨ ᠨᠠᠶᠢᠷᠠᠯ ᠲᠠᠭᠤᠤ ︽ᠠᠮᠢᠨ ᠨᠤᠲᠤᠭ︾ ᠨᠢ 2024 ᠣᠨ ᠳᠤ ᠪᠠᠷᠠᠭᠤᠨ ᠦᠵᠦᠮᠦᠴᠢᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ᠲᠤᠮᠳᠠᠳᠤ ᠪᠠᠭ᠎ᠠ ᠰᠤᠷᠭᠠᠭᠤᠯᠢ ᠶᠢᠨ ᠥᠨᠳᠥᠷ ᠬᠢᠷᠢ ᠲᠦᠪᠰᠢᠨ ᠪᠥᠬᠦᠶ ᠨᠠᠶᠢᠷᠠᠯ ᠲᠠᠭᠤᠨ ᠤ ᠤᠷᠤᠯᠳᠤᠭᠠᠨ ᠪᠠ ᠰᠢᠯᠢ ᠶᠢᠨ ᠭᠤᠤᠯ ᠠᠶᠢᠮᠠᠭ ᠤᠨ ᠠᠩᠬᠠᠳᠤᠭᠠᠷ ᠬᠤᠭᠤᠴᠠᠭᠠᠨ ᠤ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠥᠨᠳᠥᠷ ᠬᠢᠷᠢ ᠲᠦᠪᠰᠢᠨ ᠪᠥᠬᠦᠶ ᠨᠠᠶᠢᠷᠠᠯ ᠲᠠᠭᠤᠨ ᠤ ᠤᠷᠤᠯᠳᠤᠭᠠᠨ ᠳᠤ ᠴᠦᠮ ᠪᠠᠭ᠎ᠠ ᠰᠤᠷᠭᠠᠭᠤᠯᠢ ᠶᠢᠨ ᠳᠤᠭᠤᠶᠢᠯᠠᠩ ᠤᠨ ᠨᠢᠭᠡᠳᠦᠭᠡᠷ ᠳᠡᠰ ᠤᠨ ᠱᠠᠩᠨᠠᠯ ᠬᠦᠷᠲᠡᠵᠦ᠂ ᠲᠤᠰ ᠵᠢᠯ ᠤᠨ ᠬᠢᠨᠢ 10 ᠰᠠᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠢᠮᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠯᠢᠭ ᠤᠨ ᠦᠵᠡᠭᠦᠯᠭᠡ ᠶᠢᠨ ᠲᠣᠭᠯᠠᠯᠲᠠ ᠶᠢᠨ ᠪᠠᠭ᠎ᠠ ᠰᠤᠷᠭᠠᠭᠤᠯᠢ ᠶᠢᠨ ᠳᠤᠭᠤᠶᠢᠯᠠᠩ ᠳᠤ ᠨᠢᠭᠡᠳᠦᠭᠡᠷ ᠳᠡᠰ ᠤᠨ ᠱᠠᠩᠨᠠᠯ ᠬᠦᠷᠳᠡᠪᠡ᠃
    ︽ᠬᠤᠶᠢᠰᠢᠳᠠ ᠨᠠᠶᠢᠷᠠᠯ ᠲᠠᠭᠤᠨ ᠤ ᠪᠦᠯᠬᠦᠮ ᠤᠨ ᠬᠡᠦᠬᠡᠳ ᠤᠳ ᠢᠶᠠᠨ ᠲᠠᠭᠠᠭᠤᠯᠤᠨ ᠨᠡᠩ ᠤᠯᠠᠨ ᠰᠢᠯᠢᠳᠡᠭ ᠰᠠᠶᠢᠬᠠᠨ ᠲᠠᠭᠤᠤ ᠶᠢ ᠨᠠᠶᠢᠷᠠᠭᠤᠯᠤᠨ ᠪᠦᠳᠦᠭᠡᠵᠦ᠂ ᠪᠦᠬᠦ ᠤᠯᠤᠰ ᠴᠢᠨᠠᠭᠰᠢᠯᠠᠨ ᠤᠯᠤᠰ ᠤᠨ ᠭᠠᠳᠠᠭᠠᠳᠤ ᠶᠢᠨ ᠤᠷᠠᠯᠢᠭ ᠤᠨ ᠦᠵᠡᠭᠦᠯᠭᠡ ᠪᠠ ᠤᠷᠤᠯᠳᠤᠭᠠᠨ ᠲᠡᠮᠡᠴᠡᠭᠡᠨ ᠳᠤ ᠤᠷᠤᠯᠴᠠᠨ᠂ ᠨᠠᠶᠢᠷᠠᠯ ᠲᠠᠭᠤᠨ ᠤ ᠪᠦᠯᠬᠦᠮ ᠢᠶᠠᠨ ᠪᠠᠷᠠᠭᠤᠨ ᠦᠵᠦᠮᠦᠴᠢᠨ ᠬᠤᠰᠢᠭᠤᠨ ᠤ ᠪᠠᠨ  ᠤᠳᠬ᠎ᠠ ᠤᠷᠠᠯᠢᠭ ᠤᠨ ᠰᠢᠨ᠎ᠡ ᠨᠡᠷ᠎ᠡ ᠶᠢᠨ ᠬᠠᠭᠤᠳᠠᠰᠤ ᠪᠤᠯᠭᠠᠬᠤ ᠪᠠᠷ ᠴᠢᠷᠮᠠᠶᠢᠵᠤ᠂ ᠨᠡᠩ ᠤᠯᠠᠨ ᠬᠦᠮᠦᠰ ᠲᠤ ᠲᠠᠯ᠎ᠠ ᠨᠤᠲᠤᠭ ᠤᠨ ᠰᠤᠶᠤᠯ ᠤᠷᠠᠯᠢᠭ ᠢᠶᠠᠨ ᠲᠠᠨᠢᠵᠤ ᠤᠶᠢᠯᠠᠭᠠᠭᠤᠯᠬᠤ ᠶᠢ ᠬᠦᠰᠡᠵᠦ ᠪᠠᠶᠢᠨ᠎ᠠ︾ ᠭᠡᠵᠦ ᠵᠢᠯᠤᠭᠤᠳᠤᠭᠴᠢ ᠪᠠᠭᠰᠢ ᠤᠷᠠᠨᠳᠤᠭᠤᠰ ᠰᠡᠳᠬᠢᠯ ᠲᠤᠭᠳᠤᠯᠤᠨ ᠶᠠᠷᠢᠵᠤ ᠪᠠᠶᠢᠯ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号