ᠪᠠᠷᠠᠭᠤᠨ ᠦᠵᠦᠮᠦᠴᠢᠨ ᠬᠤᠰᠢᠭᠤᠨ ᠤ ᠣᠨᠴᠠ ᠭᠠᠷᠤᠯᠲᠠ ᠠᠮᠲᠠᠲᠤ ᠢᠳᠡᠭᠡᠨ ᠤ ᠠᠩᠬᠠᠨ ᠤ ᠦᠵᠡᠭᠦᠯᠦᠯᠭᠡ SIAL ᠣᠯᠠᠨ ᠤᠯᠤᠰ ᠤᠨ ᠢᠳᠡᠭᠡᠨ ᠤ ᠦᠵᠡᠭᠦᠯᠦᠯᠭᠡ ᠳᠤ ᠣᠷᠣᠯᠴᠠᠯ᠎ᠠ
ᠨᠡᠶᠢᠲᠡᠯᠡᠭᠰᠡᠨ ᠴᠠᠭ᠄
2025/5/26
    5 ᠰᠠᠷ᠎ᠠ ᠶᠢᠨ 19 ᠤ ᠡᠳᠦᠷ ᠠᠴᠠ 21 ᠤ ᠡᠳᠦᠷ ᠪᠣᠯᠲᠠᠯ᠎ᠠ᠂ ᠳᠡᠯᠡᠬᠡᠢ ᠶᠢᠨ ᠢᠳᠡᠭᠡᠨ ᠤ ᠠᠵᠢᠯ ᠲᠥᠷᠥᠯ ᠤᠨ  ᠬᠢᠨ ᠤ ᠠᠩᠬᠠᠷᠤᠯ ᠢ ᠲᠠᠲᠠᠭᠰᠠᠨ ᠳᠡᠯᠡᠬᠡᠢ ᠶᠢᠨ ᠭᠤᠷᠪᠠᠨ ᠲᠣᠮᠣ ᠢᠳᠡᠭᠡᠨ ᠤ ᠦᠵᠡᠰᠬᠦᠯᠡᠩ ᠤᠨ ᠨᠢᠭᠡ ᠪᠣᠯᠬᠤ 2025 SIAL ᠰᠢ ᠶᠠ ᠣᠯᠠᠨ ᠤᠯᠤᠰ ᠤᠨ ᠢᠳᠡᠭᠡᠨ ᠤ ᠦᠵᠡᠭᠦᠯᠦᠯᠭᠡ ᠱᠠᠩᠬᠠᠢ ᠶᠢᠨ ᠰᠢᠨ᠎ᠡ ᠣᠯᠠᠨ ᠤᠯᠤᠰ ᠤᠨ ᠦᠵᠡᠰᠬᠦᠯᠡᠩ  ᠤᠨ ᠲᠥᠪ ᠲᠤ ᠦᠪᠡᠳᠡᠭᠰᠢ ᠶᠡᠭᠡ ᠪᠠᠷ ᠡᠬᠢᠯᠡᠪᠡ᠃ ᠪᠥᠬᠦ ᠳᠡᠯᠡᠬᠡᠢ ᠶᠢᠨ 75 ᠤᠯᠤᠰ ᠪᠠ ᠭᠠᠵᠠᠷ ᠣᠷᠣᠨ ᠤ ᠣᠬᠢ ᠰᠢᠯᠢᠳᠡᠭ ᠠᠮᠲᠠᠲᠤ ᠢᠳᠡᠭᠡᠨ ᠣᠷᠣᠯᠴᠠᠭᠰᠠᠨ ᠡᠨᠡ ᠬᠦ ᠦᠪᠡᠳᠡᠭᠰᠢ ᠨᠠᠶᠢᠷ ᠢᠶᠠᠷ ᠪᠠᠷᠠᠭᠤᠨ ᠦᠵᠦᠮᠦᠴᠢᠨ ᠬᠤᠰᠢᠭᠤᠨ ᠤ ᠥᠪᠡᠷᠮᠢᠴᠡ ᠣᠨᠴᠠᠯᠢᠭ ᠲᠠᠢ ᠴᠠᠭᠠᠨ ᠦᠬᠡᠷ ᠤᠨ ᠮᠢᠬ᠎ᠠ ᠪᠠ ᠤᠯᠠᠮᠵᠢᠯᠠᠯᠲᠤ ᠴᠠᠭᠠᠨ ᠢᠳᠡᠭᠡᠨ ᠤ ᠵᠦᠢᠯ ᠵᠡᠷᠭᠡ ᠣᠨᠴᠠ ᠭᠠᠷᠤᠯᠲᠠ ᠴᠤ ᠠᠩᠬ᠎ᠠ ᠤᠳᠠᠭ᠎ᠠ ᠪᠠᠨ ᠣᠯᠠᠨ ᠤ ᠡᠮᠦᠨ᠎ᠡ ᠳᠡᠯᠭᠡᠭᠳᠡᠵᠦ᠂ ︽ᠲᠠᠯ᠎ᠠ ᠨᠤᠲᠤᠭ ᠤᠨ ᠠᠮᠲᠠᠲᠤ ᠢᠳᠡᠭᠡᠨ︾ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠬᠡᠷᠡᠭᠯᠡᠭᠴᠢᠳ ᠤᠨ ᠠᠩᠬᠠᠷᠤᠯ ᠢ ᠲᠠᠲᠠᠭᠰᠠᠨ ᠪᠠᠶᠢᠨ᠎ᠠ᠃    ᠦᠵᠡᠰᠬᠦᠯᠡᠩ ᠳᠤ ᠣᠷᠣᠯᠴᠠᠭᠰᠠᠨ ᠪᠥᠬᠦ ᠤᠯᠤᠰ ᠤᠨ ᠴᠥᠭᠡᠨ ᠲᠣᠭᠠᠨ ᠤ ᠰᠢᠶᠠᠨ ᠤ ᠬᠡᠪᠴᠢᠶᠡᠨ ᠤ ᠣᠨᠴᠠᠯᠢᠭᠲᠤ ᠢᠳᠡᠭᠡᠨ ᠤ ᠲᠥᠯᠥᠭᠡᠯᠡᠭᠴᠢ ᠪᠣᠯᠤᠭᠰᠠᠨ ᠤ ᠬᠤᠪᠢ ᠪᠠᠷ ᠪᠠᠷᠠᠭᠤᠨ ᠦᠵᠦᠮᠦᠴᠢᠨ ᠬᠤᠰᠢᠭᠤ ᠲᠤᠰ ᠤᠳᠠᠭᠠᠨ ᠤ ︽ᠤᠯᠤᠰ  ᠤᠨ ᠪᠡᠯᠡᠭ ᠤᠨ ᠴᠠᠭᠠᠨ ᠦᠬᠡᠷ ᠤᠨ ᠮᠢᠬ᠎ᠠ︾ ᠪᠠ ︽ᠪᠣᠳᠠᠰ ᠤᠨ ᠪᠤᠰᠤ ᠰᠣᠶᠣᠯ ᠤᠨ ᠥᠪ ᠴᠠᠭᠠᠨ ᠢᠳᠡᠭᠡᠨ︾ ᠵᠡᠷᠭᠡ ᠣᠨᠴᠠ ᠭᠠᠷᠤᠯᠲᠠ ᠶᠢᠨ ᠠᠮᠲᠠᠲᠤ ᠢᠳᠡᠭᠡᠨ ᠢᠶᠠᠷ ᠢᠶᠠᠨ SIAL ᠦᠵᠡᠰᠬᠦᠯᠡᠩ ᠤᠨ ᠴᠤᠭᠯᠠᠭᠠᠨ ᠳᠤ ᠣᠷᠣᠯᠴᠠᠵᠠᠢ᠃ ᠡᠯ᠎ᠡ ᠤᠯᠤᠰ ᠠᠴᠠ ᠢᠷᠡᠭᠰᠡᠨ ᠬᠤᠳᠠᠯᠳᠤᠭᠠᠴᠢᠨ ᠪᠣᠯᠣᠨ ᠵᠤᠭᠠᠴᠠᠭᠰᠠᠳ ᠡᠨᠡ ᠬᠦ ᠴᠡᠪᠡᠷ ᠪᠠᠶᠢᠭᠠᠯᠢᠯᠢᠭ ᠲᠠᠯ᠎ᠠ ᠨᠤᠲᠤᠭ ᠤᠨ ᠣᠨᠴᠠ ᠭᠠᠷᠤᠯᠲᠠ ᠶᠢᠨ ᠦᠨᠦᠷ ᠠᠮᠲᠠ ᠶᠢ ᠱᠠᠭᠰᠢᠨ ᠭᠠᠶᠢᠬᠠᠵᠤ ᠪᠠᠶᠢᠯ᠎ᠠ᠃     ᠪᠠᠷᠠᠭᠤᠨ ᠦᠵᠦᠮᠦᠴᠢᠨ ᠬᠤᠰᠢᠭᠤ ᠨᠢ ᠤᠮᠠᠷᠠᠲᠤ ᠥᠷᠭᠡᠷᠢᠭ ᠤᠨ 45。 ᠲᠤ ᠪᠠᠶᠢᠷᠢᠯᠠᠵᠤ᠂ ᠠᠳᠡᠬᠢ ᠮᠠᠯᠴᠢᠳ ᠹᠷᠠᠨᠼᠢ ᠶᠢᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠠᠴᠠ ᠢᠷᠡᠯᠲᠡ ᠲᠠᠢ ᠱᠠᠷᠦ᠋ᠯᠠᠢ ᠦᠬᠡᠷ ᠢ ᠲᠠᠯ᠎ᠠ ᠨᠤᠲᠤᠭ ᠲᠤ ᠴᠢᠯᠦᠭᠡᠲᠡᠢ ᠮᠠᠯᠵᠢᠵᠤ᠂ ᠵᠢᠯ ᠳᠠᠷᠠᠭᠠᠯᠠᠨ ᠡᠭᠦᠯᠳᠡᠷ  ᠰᠠᠶᠢᠵᠢᠷᠠᠭᠤᠯᠵᠤ ᠢᠷᠡᠭᠰᠡᠨ ᠢᠶᠠᠷ ᠣᠳᠣᠬᠢ ᠦᠵᠦᠮᠦᠴᠢᠨ ᠴᠠᠭᠠᠨ ᠦᠬᠡᠷ ᠢ ᠪᠣᠶᠢᠵᠢᠭᠤᠯᠵᠤ᠂ ᠤᠰᠤᠨ ᠤ ᠲᠤᠩᠭᠠᠯᠠᠭ ᠡᠪᠡᠰᠦᠨ ᠤ ᠰᠣᠷᠭᠤᠭ ᠲᠡᠵᠢᠭᠡᠯ ᠢᠶᠠᠷ ᠠᠪᠳᠠᠭ ᠴᠠᠭᠠᠨ ᠦᠬᠡᠷ ᠤᠨ ᠮᠢᠬᠠᠨ ᠤ ᠤᠭᠤᠷᠠᠭ ᠤᠨ ᠠᠭᠤᠯᠤᠭᠳᠠᠴᠠ ᠨᠢ 8%︱9.5% ᠳᠤ ᠬᠦᠷᠴᠦ᠂ ᠥᠭᠡᠬᠦ ᠪᠠᠭ᠎ᠠ ᠮᠥᠷᠲᠡᠭᠡᠨ ᠵᠥᠭᠡᠯᠡᠨ ᠪᠠᠶᠢᠵᠤ᠂ ᠰᠢᠮ᠎ᠡ ᠲᠡᠵᠢᠭᠡᠯ ᠤᠨ ᠦᠷᠳᠡᠭ ᠨᠢ ᠳᠡᠯᠡᠬᠡᠢ ᠶᠢᠨ ᠪᠠᠷᠢᠮᠵᠢᠶ᠎ᠠ ᠠᠴᠠ ᠳᠠᠪᠠᠵᠤ᠂ ᠲᠡᠭᠦᠨ ᠠᠴᠠ ᠤᠯᠠᠷᠢᠭᠰᠠᠨ ᠡᠯ᠎ᠡ ᠲᠦᠷᠦᠯ ᠤᠨ ᠨᠠᠷᠢᠯᠢᠭ ᠪᠦᠲᠦᠭᠡᠭᠳᠡᠬᠦᠨ ᠨᠢ ᠵᠠᠬ᠎ᠠ ᠳᠡᠯᠭᠡᠭᠦᠷ ᠲᠤ ᠭᠠᠷᠤᠭᠰᠠᠨ ᠠᠴᠠ ᠨᠠᠰᠢ ᠰᠠᠶᠢᠨ ᠦᠨᠡᠯᠡᠯᠲᠡ ᠶᠢ ᠲᠠᠰᠤᠷᠠᠯᠳᠡ ᠦᠭᠡᠢ ᠣᠯᠵᠠᠢ᠃    ︽ᠪᠢᠳᠡ ᠲᠠᠯ᠎ᠠ ᠨᠤᠲᠤᠭ ᠤᠨ ᠠᠷᠠᠳ ᠲᠦᠮᠡᠨ ᠤ ᠬᠦᠰᠡᠯ ᠡᠷᠡᠮᠡᠯᠵᠡᠯ ᠢ ᠡᠪᠦᠷᠯᠡᠨ᠂ ᠡᠶᠢᠮᠦ ᠶᠡᠭᠡ ᠦᠵᠡᠰᠬᠦᠯᠡᠩ ᠳᠤ ᠣᠷᠣᠯᠴᠠᠵᠤ᠂ ᠨᠡᠯᠢᠶᠡᠳ ᠰᠠᠶᠢᠨ ᠲᠤᠰᠬᠠᠯ ᠣᠯᠵᠤ᠂ ᠳᠡᠯᠡᠬᠡᠢ ᠳ᠋ᠠᠬᠢᠨ ᠳᠤ ᠮᠠᠨ ᠤ ᠪᠠᠷᠠᠭᠤᠨ ᠦᠵᠦᠮᠦᠴᠢᠨ ᠬᠤᠰᠢᠭᠤᠨ ᠤ ᠰᠢᠯᠢᠳᠡᠭ ᠣᠨᠴᠠ ᠭᠠᠷᠤᠯᠲᠠ ᠠᠮᠲᠠᠲᠤ ᠢᠳᠡᠭᠡᠨ ᠢᠶᠠᠨ ᠲᠠᠨᠢᠭᠤᠯᠵᠤ ᠪᠠᠶᠢᠨ᠎ᠠ᠂ ᠡᠨᠡ ᠨᠢ ᠪᠢᠳᠡᠨ ᠤ ᠬᠤᠶᠢᠰᠢᠳᠠ ᠳᠠᠭᠠᠨ ᠳᠡᠭᠡᠳᠦ ᠲᠠᠰ ᠤᠨ᠂ ᠳᠡᠯᠡᠬᠡᠶᠢᠴᠢᠯᠡᠯᠲᠡ ᠶᠢᠨ ᠵᠠᠬ᠎ᠠ ᠳᠡᠯᠭᠡᠭᠦᠷ ᠲᠤ ᠣᠷᠣᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ  ᠲᠠᠢ ᠶᠤᠮ︾ ᠭᠡᠵᠦ ᠪᠠᠷᠠᠭᠤᠨ ᠦᠵᠦᠮᠦᠴᠢᠨ ᠬᠤᠰᠢᠭᠤᠨ ᠤ ᠴᠠᠭᠠᠨ ᠦᠬᠡᠷ ᠤᠨ ᠠᠵᠤ ᠦᠢᠯᠡᠰ ᠤᠨ ᠬᠥᠭᠵᠢᠭᠦᠯᠦᠯᠲᠡ  ᠶᠢᠨ ᠨᠡᠶᠢᠭᠡᠮᠯᠢᠭ ᠤᠨ ᠬᠠᠷᠢᠭᠤᠴᠠᠯᠭᠠᠲᠠᠨ ᠪᠦᠷᠢᠨᠲᠡᠭᠰᠢ ᠰᠡᠳᠬᠢᠯ ᠳᠣᠭᠳᠣᠯᠤᠨ ᠶᠠᠷᠢᠯ᠎ᠠ᠃ ᠲᠣᠰ ᠤᠳᠠᠭᠠᠨ ᠤ ᠦᠵᠡᠰᠬᠦᠯᠡᠩ ᠳᠤ ᠣᠷᠣᠯᠴᠠᠭᠰᠠᠨ ᠠᠩᠬᠠᠨ  ᠤ  ᠡᠳᠦᠷ  ᠲᠤ  300  ᠭᠠᠷᠤᠢ  ᠲᠦᠮᠡᠨ  ᠲᠥᠭᠦᠷᠢᠭ   ᠤᠨ  ᠰᠠᠨᠠᠮᠵᠢ   ᠶᠢᠨ ᠴᠢᠨᠠᠷᠲᠠᠢ ᠬᠠᠮᠲᠤᠷᠠᠯᠴᠠᠭ᠎ᠠ ᠲᠣᠬᠢᠷᠠᠭᠰᠠᠨ ᠢᠶᠠᠷ ᠪᠠᠷᠠᠬᠤ ᠦᠭᠡᠢ᠂ ᠨᠠᠩ ᠴᠤ ᠬᠠᠢ ᠳ᠋ᠢ ᠯᠤᠤ᠂ ᠰᠢᠶᠠ ᠪᠦ᠋ ᠰᠢᠶᠠ ᠪᠦ᠋ ᠵᠡᠷᠭᠡ ᠲᠣᠮᠣ ᠬᠡᠯᠪᠡᠷᠢ ᠶᠢᠨ ᠢᠳᠡᠭᠡᠨ ᠤᠮᠳᠠᠭᠠᠨ ᠤ ᠠᠵᠤ ᠠᠬᠤᠶᠢᠯᠠᠯ ᠪᠣᠯᠣᠨ ᠦᠢᠯᠡᠳᠪᠦᠷᠢ ᠬᠤᠳᠠᠯᠳᠤᠭᠠᠨ ᠤ ᠦᠢᠯᠡᠰ ᠲᠠᠢ ᠬᠠᠷᠢᠯᠴᠠᠵᠤ᠂ ᠦᠵᠦᠮᠦᠴᠢᠨ ᠤ ᠲᠠᠯ᠎ᠠ ᠨᠤᠲᠤᠭ ᠤᠨ ᠣᠨᠴᠠ ᠭᠠᠷᠤᠯᠲᠠ ᠶᠢᠨ ᠠᠮᠲᠠᠲᠤ ᠢᠳᠡᠭᠡᠨ ᠨᠢ ᠲᠣᠰ ᠤᠳᠠᠭᠠᠨ ᠤ ᠦᠵᠡᠰᠬᠦᠯᠡᠩ ᠳᠤ ᠲᠦᠰᠢᠭᠯᠡᠨ ᠪᠥᠬᠦ ᠤᠯᠤᠰ ᠲᠤ ᠳᠡᠯᠭᠡᠷᠡᠵᠦ᠂ ᠳᠡᠯᠡᠬᠡᠢ ᠳ᠋ᠠᠬᠢᠨ ᠳᠤ ᠭᠠᠷᠬᠤ ᠪᠣᠯᠣᠮᠵᠢ ᠲᠠᠢ ᠪᠣᠯᠣᠯ᠎ᠠ᠃     ᠤᠯᠠᠮᠵᠢᠯᠠᠯᠲᠤ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠪᠣᠯ ︽ᠬᠠᠭᠤᠴᠢᠨ ᠡᠳ᠋︾ ᠪᠢᠰᠢ᠂ ᠬᠠᠷᠢᠨ ᠨᠠᠷᠢᠯᠢᠭ ᠪᠣᠯᠪᠠᠰᠤᠷᠠᠭᠤᠯᠬᠤ᠂ ᠨᠠᠷᠠᠲᠤ ᠲᠡᠮᠳᠡᠭᠲᠦ ᠶᠢ ᠪᠦᠲᠦᠭᠡᠬᠦ ᠪᠠ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ︽ᠠᠯᠲᠠᠨ ᠲᠦᠯᠬᠢᠭᠦᠷ︾ ᠪᠣᠯᠬᠤ ᠶᠢ ᠪᠠᠷᠠᠭᠤᠨ ᠦᠵᠦᠮᠦᠴᠢᠨ ᠬᠤᠰᠢᠭᠤ ᠨᠢ ᠪᠣᠳᠠᠲᠤ ᠦᠢᠯᠡᠳᠦᠯᠭᠡ ᠪᠠᠷ ᠢᠶᠠᠨ ᠭᠡᠷᠡᠴᠢᠯᠡᠭᠰᠡᠨ ᠪᠠᠶᠢᠨ᠎ᠠ᠃ ᠥᠨᠥᠳᠥᠷ ᠤᠨ ᠲᠠᠯ᠎ᠠ ᠨᠤᠲᠤᠭ ᠨᠢ ᠰᠢᠯᠦᠭ ᠵᠣᠬᠢᠶᠠᠯ ᠳᠤ ᠭᠠᠷᠳᠠᠭ ᠵᠢᠷᠤᠭᠯᠠᠯ ᠲᠡᠳᠦᠢ ᠪᠢᠰᠢ᠂ ᠨᠡᠩ ᠴᠤ ᠠᠵᠤ ᠦᠢᠯᠡᠰ ᠬᠥᠭᠵᠢᠭᠰᠡᠨ᠂ ᠠᠷᠠᠳ ᠲᠦᠮᠡᠨ ᠨᠢ ᠪᠠᠶᠠᠨ ᠴᠢᠨᠡᠭᠡᠯᠢᠭ ᠤᠳᠤ ᠦᠶ᠎ᠡ ᠶᠢᠨ ᠬᠥᠳᠡᠭᠡ ᠲᠣᠰᠬᠤᠨ ᠪᠣᠯᠬᠤ ᠶᠤᠮ᠃     ᠱᠠᠩᠬᠠᠢ ᠬᠤᠲᠠ ᠶᠢᠨ ᠭᠠᠳᠠᠭᠠᠳᠤ ᠠᠵᠤ ᠠᠬᠤᠢ ᠠᠷᠠᠯᠵᠢᠶᠠᠨ ᠤ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠪᠣᠷᠤᠯᠠᠭᠤᠯᠭ᠎ᠠ ᠶᠢᠨ ᠶᠡᠷᠦᠩᠬᠡᠢ ᠬᠢᠨᠠᠭᠴᠢ ᠴᠧᠨ ᠱᠧᠦ ᠪᠢᠨ᠄ ︽ᠪᠢ 2024 ᠣᠨ ᠤ 6 ᠰᠠᠷ᠎ᠠ ᠳᠤ ᠠᠩᠬ᠎ᠠ ᠤᠳᠠᠭ᠎ᠠ ᠪᠠᠷᠠᠭᠤᠨ ᠦᠵᠦᠮᠦᠴᠢᠨ ᠬᠤᠰᠢᠭᠤᠨ ᠳᠤ ᠬᠦᠷᠦᠭᠰᠡᠨ ᠶᠤᠮ᠃ ᠪᠠᠶᠠᠨᠬᠤᠰᠢᠭᠤ ᠰᠤᠮᠤᠨ ᠤ ᠬᠠᠮᠢᠶ᠎ᠠ ᠪᠦᠬᠦᠢ ᠬᠥᠮᠥᠰ ᠲᠠᠢ ᠲᠠᠨᠢᠯᠴᠠᠵᠤ  ᠴᠠᠭᠠᠨ ᠦᠬᠡᠷ ᠤᠨ ᠢᠷᠡᠯᠲᠡ ᠶᠢᠨ ᠲᠤᠬᠠᠢ ᠣᠶᠢᠯᠠᠭᠠᠵᠤ᠂ ᠴᠠᠭᠠᠨ ᠦᠬᠡᠷ ᠲᠤ ᠮᠠᠰᠢ ᠰᠣᠨᠢᠷᠬᠠᠯ ᠲᠥᠷᠥᠵᠦ᠂ ᠵᠠᠬ᠎ᠠ ᠳᠡᠯᠭᠡᠭᠦᠷ ᠲᠤ ᠭᠠᠷᠭᠠᠬᠤ ᠢᠲᠡᠭᠡᠯ ᠲᠠᠢ ᠪᠣᠯᠣᠭᠰᠠᠨ ᠶᠤᠮ᠃ ᠵᠢᠯ ᠭᠠᠷᠤᠢ ᠰᠠᠨᠠᠯ ᠢᠶᠠᠨ ᠰᠣᠯᠢᠯᠴᠠᠵᠤ᠂ ᠮᠠᠯᠴᠢᠳ ᠴᠤ ᠵᠠᠬ᠎ᠠ ᠳᠡᠯᠭᠡᠭᠦᠷ ᠤᠨ ᠱᠠᠭᠠᠷᠳᠠᠯᠭ᠎ᠠ ᠪᠠᠷ ᠪᠣᠷᠳᠣᠨ ᠲᠠᠷᠭᠤᠯᠠᠭᠤᠯᠬᠤ ᠰᠠᠨᠠᠭᠤᠯᠭ᠎ᠠ ᠶᠢ ᠠᠪᠴᠤ᠂ ᠪᠠᠰᠠ ᠱᠠᠩᠬᠠᠢ ᠬᠤᠲᠠ ᠶᠢᠨ ᠭᠠᠳᠠᠭᠠᠳᠤ ᠠᠷᠠᠯᠵᠢᠶᠠᠨ ᠤ ᠦᠢᠯᠡᠰ ᠤᠨ ᠺᠣᠮᠫᠠᠨᠢ ᠶᠢᠨ ᠬᠦᠴᠦᠲᠡᠢ ᠳᠡᠮᠵᠢᠯᠭᠡ ᠪᠠ ᠬᠠᠮᠵᠢᠯᠴᠠᠭ᠎ᠠ ᠳᠣᠣᠷ᠎ᠠ᠂  ᠦᠵᠦᠮᠦᠴᠢᠨ ᠴᠠᠭᠠᠨ ᠦᠬᠡᠷ ᠨᠢ 2025 ᠣᠨ ᠤ ᠱᠠᠩᠬᠠᠢ ᠶᠢᠨ ᠤᠯᠠᠨ ᠤᠯᠤᠰ ᠤᠨ ᠰᠢ ᠶᠠ ᠦᠵᠡᠰᠬᠦᠯᠡᠩ ᠳᠤ ᠣᠷᠣᠯᠴᠠᠵᠤ᠂ ᠤᠯᠤᠰ  ᠤᠨ ᠳᠣᠲᠣᠭᠠᠳᠤ ᠭᠠᠳᠠᠭᠠᠳᠤ ᠶᠢᠨ ᠡᠯ᠎ᠡ ᠨᠡᠷᠡᠲᠦ ᠲᠡᠮᠳᠡᠭᠲᠦ ᠦᠬᠡᠷ ᠤᠨ ᠮᠢᠬ᠎ᠠ ᠲᠠᠢ ᠬᠠᠮᠲᠤ ᠳᠡᠯᠭᠡᠭᠳᠡᠵᠦ ᠴᠢᠳᠠᠭᠰᠠᠨ ᠪᠠᠶᠢᠨ᠎ᠠ᠃ ᠡᠨᠡ ᠨᠢᠭᠡ ᠡᠳᠦᠷ ᠤᠨ ᠬᠠᠷᠢᠭᠤ ᠲᠤᠰᠬᠠᠯ ᠠᠴᠠ ᠦᠵᠡᠪᠡᠯ ᠮᠠᠨ ᠤ ᠰᠡᠳᠬᠢᠮᠵᠢ ᠵᠥᠪ ᠪᠣᠯᠬᠤ ᠨᠢ ᠭᠡᠷᠡᠴᠢᠯᠡᠭᠳᠡᠵᠦ ᠪᠠᠶᠢᠨ᠎ᠠ᠃ ᠪᠢᠳᠡᠨ ᠤ ᠥᠨᠥᠳᠥᠷ ᠤᠨ ᠬᠠᠷᠢᠯᠴᠠᠭᠰᠠᠨ ᠵᠣᠴᠢᠨ ᠡᠷᠦᠬᠡ ᠶᠢᠨ ᠳᠣᠲᠣᠷ᠎ᠠ᠂ ᠬᠠᠢ ᠳ᠋ᠢ ᠯᠣᠣ᠂ ᠰᠢᠶᠠ ᠪᠦ᠋ ᠰᠢᠶᠠ ᠪᠦ᠋ ᠵᠡᠷᠭᠡ ᠤᠯᠤᠰ ᠤᠨ ᠳᠣᠲᠣᠭᠠᠳᠤ ᠶᠢᠨ ᠲᠣᠮᠣ ᠢᠳᠡᠭᠡᠨ ᠤᠮᠳᠠᠭᠠᠨ ᠤ ᠪᠦᠯᠦᠭᠯᠡᠯ ᠪᠣᠯᠣᠨ ᠵᠠᠷᠢᠮ ᠲᠣᠮᠣ ᠡᠳ᠋ᠰᠢᠭᠦᠯᠦᠨ ᠪᠣᠯᠪᠠᠰᠤᠷᠠᠭᠤᠯᠬᠤ ᠦᠢᠯᠡᠳᠪᠦᠷᠢ᠂ ᠠᠷᠠᠯᠵᠢᠶ᠎ᠠ ᠬᠤᠳᠠᠯᠳᠤᠭᠠᠨ ᠤ ᠬᠢᠨ ᠪᠠᠶᠢᠨ᠎ᠠ᠂ ᠪᠠᠰᠠ ᠵᠠᠷᠢᠮ ᠲᠤᠰᠬᠠᠢ ᠮᠡᠷᠭᠡᠵᠢᠯ ᠤᠨ  ᠲᠠᠯ᠎ᠠ ᠶᠢᠨ ᠬᠢᠨ ᠴᠠᠭᠠᠨ ᠦᠬᠡᠷ ᠲᠤ ᠮᠠᠰᠢ ᠰᠣᠨᠢᠷᠬᠠᠯ ᠲᠠᠢ ᠪᠠᠶᠢᠨ᠎ᠠ᠃ ᠥᠨᠥᠳᠥᠷ ᠤᠨ ᠬᠦᠯᠢᠶᠡᠨ ᠠᠪᠤᠭᠰᠠᠨ ᠵᠣᠴᠢᠨ ᠡᠷᠦᠬᠡ ᠶᠢᠨ ᠳᠣᠲᠣᠷ᠎ᠠ᠂ 10 ᠭᠠᠷᠤᠢ ᠵᠣᠴᠢᠨ ᠡᠷᠦᠬᠡ ᠬᠠᠮᠲᠤᠷᠠᠨ ᠠᠵᠢᠯᠯᠠᠬᠤ ᠰᠠᠨᠠᠮᠵᠢ ᠲᠠᠢ ᠪᠠᠶᠢᠵᠤ ᠂ ᠠᠷᠠᠯᠵᠢᠶᠠᠨ ᠤ ᠵᠣᠭᠤᠰ ᠤᠨ ᠲᠤᠭ᠎ᠠ ᠨᠢ ᠪᠠᠷᠤᠭ 300 ᠭᠠᠷᠤᠢ ᠲᠦᠮᠡ ᠳᠤ ᠬᠦᠷᠦᠨ᠎ᠡ᠂ ᠭᠡᠪᠡᠴᠦ ᠡᠨᠡ ᠨᠢ ᠵᠥᠪᠬᠡᠨ ᠰᠠᠨᠠᠮᠵᠢ ᠶᠢᠨ ᠴᠢᠨᠠᠷ ᠲᠠᠢ ᠪᠠᠶᠢᠭ᠎ᠠ ᠶᠤᠮ᠂ ᠪᠢᠳᠡ ᠦᠵᠡᠭᠦᠯᠦᠯᠭᠡ ᠶᠢᠨ ᠳᠠᠷᠠᠭ᠎ᠠ ᠭᠦᠨᠵᠡᠭᠡᠢ ᠵᠥᠪᠳᠡᠯᠴᠡᠵᠦ᠂ ᠬᠠᠮᠲᠤᠷᠠᠨ ᠠᠵᠢᠯᠯᠠᠬᠤ ᠬᠡᠯᠡᠯᠴᠡᠭᠡᠷ ᠲᠣᠭᠲᠠᠭᠠᠬᠤ ᠴᠢᠬᠤᠯᠠ ᠲᠠᠢ᠃ ᠭᠡᠪᠡᠴᠦ ᠡᠨᠡ ᠨᠢ ᠪᠢᠳᠡᠨ ᠤ  ᠵᠣᠷᠢᠭ ᠢ ᠤᠯᠠᠮ  ᠬᠥᠪᠴᠢᠯᠡᠵᠦ᠂ ᠬᠤᠶᠢᠰᠢᠳᠠ ᠨᠡᠩ ᠰᠠᠶᠢᠨ ᠦᠷ᠎ᠡ ᠪᠦᠲᠦᠮᠵᠢ ᠲᠠᠢ ᠪᠣᠯᠬᠤ ᠢᠲᠡᠭᠡᠯ ᠢ ᠣᠯᠭᠤᠭᠰᠠᠨ ᠪᠠᠶᠢᠨ᠎ᠠ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号