ᠮᠠᠨ ᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ | ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠥᠪᠡᠷᠲᠡᠭᠡᠨ ᠵᠠᠰᠠᠬᠤ | ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠪᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠢᠨᠠᠨ ᠬᠡᠮᠵᠢᠵᠦ ᠦᠨᠡᠯᠡᠬᠦ | ᠳᠦᠷᠢᠮ ᠢ ᠲᠡᠭᠦᠯᠳᠡᠷᠵᠢᠭᠦᠯᠵᠦ᠂ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠮᠵᠢ ᠶᠢ ᠣᠨᠣᠪᠴᠢᠲᠠᠢ ᠦᠨᠡᠯᠡᠬᠦ ᠶᠢᠨ ᠲᠤᠰᠠᠳᠠ᠂ 3 ᠰᠠᠷ᠎ᠠ ᠶᠢᠨ 12 ᠤᠨ ᠡᠳᠦᠷ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠠᠴᠠ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠲᠠᠷᠢᠶᠠᠯᠠᠩ ᠮᠠᠯ | ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠵᠢᠯᠤᠭᠤᠳᠬᠤ ᠰᠠᠨᠠᠯ﹀ | ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ | ᠠᠵᠤ ᠦᠢᠯᠡᠰ ᠤᠨ ᠬᠦᠷᠢᠶᠡᠯᠡᠩ ᠤᠨ ᠬᠢᠨᠠᠨ ᠬᠡᠮᠵᠢᠵᠦ ᠦᠨᠡᠯᠡᠬᠦ ᠠᠷᠭ᠎ᠠ﹀ ᠳᠤ ᠵᠠᠰᠠᠪᠤᠷᠢ ᠣᠷᠣᠭᠤᠯᠵᠤ ᠳᠠᠷᠤᠮᠠᠯᠯᠠᠨ | ᠲᠠᠷᠬᠠᠭᠠᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ᠡᠳᠦᠭᠡ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ | ᠬᠢᠨᠠᠨ ᠬᠡᠮᠵᠢᠵᠦ ᠦᠨᠡᠯᠡᠬᠦ ᠠᠷᠭ᠎ᠠ︾ ︵ᠳᠣᠷᠣᠭᠰᠢ ᠬᠢᠨᠠᠨ ᠬᠡᠮᠵᠢᠵᠦ ᠦᠨᠡᠯᠡᠬᠦ ᠠᠷᠭ᠎ᠠ ᠭᠡᠵᠦ ᠲᠣᠪᠴᠢᠯᠠᠨ᠎ᠠ︶ ᠶᠢᠨ | ᠬᠠᠮᠢᠶ᠎ᠠ ᠪᠦᠬᠦᠢ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠶ᠎ᠠ᠄ | ᠨᠢᠭᠡ᠂ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ | 2022 ᠣᠨ ᠳᠤ᠂ ᠮᠠᠨ ᠤ ᠲᠢᠩᠬᠢᠮ ︽ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ ᠤᠨ ᠬᠢᠨᠠᠨ ᠬᠡᠮᠵᠢᠵᠦ ᠦᠨᠡᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠦᠨᠳᠦᠰᠦᠯᠡᠨ᠂ ᠥᠪᠡᠷᠲᠡᠭᠡᠨ | ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ | ᠡᠭᠦᠳᠦᠨ ᠪᠠᠶᠢᠭᠤᠯᠤᠭᠰᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠬᠢᠨᠠᠨ | ᠬᠡᠮᠵᠢᠵᠦ ᠦᠨᠡᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠤᠭᠤᠷᠪᠢᠨ ᠳᠠᠷᠤᠮᠠᠯᠯᠠᠨ ᠲᠠᠷᠬᠠᠭᠠᠵᠤ᠂ ᠮᠠᠨ ᠤ | ᠣᠷᠣᠨ ᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ | ᠬᠠᠮᠢᠶᠠᠷᠤᠯᠲᠠ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠪᠡ᠃ ᠣᠶᠢᠷ᠎ᠠ ᠶᠢᠨ ᠵᠢᠯ ᠤᠳ ᠲᠤ᠂ ᠤᠯᠤᠰ ᠤᠨ | ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠭᠤᠶᠤᠴᠢᠯᠠᠨ ᠮᠡᠳᠡᠭᠦᠯᠦᠯᠲᠡ ᠶᠢᠨ | ᠭᠤᠣᠯᠳᠠᠯᠭ᠎ᠠ ᠲᠠᠢ ᠭᠦᠢᠴᠡᠳᠬᠡᠯ ᠲᠤᠭ᠎ᠠ ᠶᠢᠨ ᠲᠣᠬᠢᠷᠠᠭᠤᠯᠤᠯᠲᠠ ᠶᠢ ᠦᠨᠳᠦᠰᠦᠯᠡᠨ ᠂ ᠮᠠᠨ ᠤ ᠣᠷᠣᠨ ᠤ ᠠᠵᠤ | ᠦᠢᠯᠡᠰ ᠤᠨ ᠬᠦᠷᠢᠶᠡᠯᠡᠩ ᠤᠨ ᠬᠢᠨᠠᠨ ᠬᠡᠮᠵᠢᠬᠦ ᠭᠦᠢᠴᠡᠳᠬᠡᠯ ᠲᠤᠭ᠎ᠠ ᠶᠢᠨ ᠲᠤᠭ᠎ᠠ ᠪᠠᠷᠢᠮᠲᠠ ᠶᠢᠨ ᠪᠣᠳᠠᠲᠠᠢ | ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠵᠤ᠂ ︽ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠶᠢᠨ ᠵᠢᠯᠤᠭᠤᠳᠬᠤ ᠰᠠᠨᠠᠯ︾ ᠳᠤ ᠵᠠᠰᠠᠪᠤᠷᠢ ᠣᠷᠣᠭᠤᠯᠬᠤ ᠶᠢᠨ ᠬᠠᠮᠲᠤ᠂ ᠪᠠᠰᠠ ᠤᠤᠯ ᠤᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠤᠨ ᠬᠦᠷᠢᠶᠡᠯᠡᠩ ᠤᠨ ᠬᠢᠨᠠᠨ ᠬᠡᠮᠵᠢᠵᠦ ᠦᠨᠡᠯᠡᠬᠦ ᠠᠷᠭ᠎ᠠ︾ ᠳᠠᠬᠢ ᠬᠢᠨᠠᠨ ᠬᠡᠮᠵᠢᠬᠦ ᠭᠦᠢᠴᠡᠳᠬᠡᠯ ᠲᠤᠭ᠎ᠠ ᠶᠢ | ᠰᠢᠯᠢᠳᠡᠭᠵᠢᠭᠦᠯᠦᠨ ᠴᠣᠮᠬᠠᠳᠬᠠᠵᠤ᠂ 75 ᠵᠦᠢᠯ ᠪᠠᠶᠢᠭᠰᠠᠨ ᠠᠴᠠ ᠴᠣᠮᠬᠠᠳᠬᠠᠭᠠᠳ 49 ᠵᠦᠢᠯ ᠪᠤᠯᠭᠠᠵᠤ᠂ | ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠳᠠᠷᠤᠭᠠᠰᠤ ᠶᠢ ᠬᠠᠮᠤᠭ ᠤᠨ ᠶᠡᠭᠡ ᠬᠡᠮᠵᠢᠶ᠎ᠡ ᠪᠠᠷ | ᠬᠥᠩᠭᠡᠷᠡᠭᠦᠯᠪᠡ᠃ ᠡᠭᠦᠨ ᠤ ᠲᠤᠯᠠᠳᠠ᠂ ᠮᠠᠨ ᠤ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠬᠢᠨᠠᠨ | ᠬᠡᠮᠵᠢᠵᠦ ᠦᠨᠡᠯᠡᠬᠦ ᠠᠷᠭ᠎ᠠ︾ ᠳᠤ ᠳᠠᠬᠢᠨᠲᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ | ᠬᠤᠶᠠᠷ᠂ ᠭᠤᠣᠯ ᠪᠣᠷᠣ ᠲᠥᠯᠥᠪ | ︽ᠬᠢᠨᠠᠨ ᠬᠡᠮᠵᠢᠵᠦ ᠦᠨᠡᠯᠡᠬᠦ ᠠᠷᠭ᠎ᠠ︾ ᠳᠤ ᠶᠡᠷᠦᠩᠬᠡᠢ ᠳᠦᠷᠢᠮ᠂ ᠬᠢᠨᠠᠨ ᠬᠡᠮᠵᠢᠵᠦ ᠦᠨᠡᠯᠡᠬᠦ ᠭᠦᠢᠴᠡᠳᠬᠡᠯ | ᠲᠤᠭ᠎ᠠ᠂ ᠬᠥᠳᠡᠯᠦᠩᠭᠦᠢ ᠬᠠᠮᠢᠶᠠᠷᠤᠯᠲᠠ᠂ ᠬᠢᠨᠠᠨ ᠰᠢᠯᠭᠠᠵᠤ ᠮᠠᠭᠠᠳᠯᠠᠨ ᠲᠣᠭᠲᠠᠭᠠᠬᠤ ᠵᠢᠷᠤᠮ ᠪᠠ ᠳᠠᠭᠠᠯᠲᠠ ᠳᠦᠷᠢᠮ | ᠵᠡᠷᠭᠡ 5 ᠬᠡᠰᠡᠭ ᠠᠭᠤᠯᠭ᠎ᠠ ᠪᠠᠭᠲᠠᠨ᠎ᠠ᠃ | ᠭᠤᠷᠪᠠ᠂ ᠭᠤᠣᠯ ᠠᠭᠤᠯᠭ᠎ᠠ | ᠨᠢᠭᠡᠳᠦᠭᠡᠷ ᠬᠡᠰᠡᠭ᠄ ᠶᠡᠷᠦᠩᠬᠡᠢ ᠳᠦᠷᠢᠮ᠃ ︽ᠬᠢᠨᠠᠨ ᠬᠡᠮᠵᠢᠵᠦ ᠦᠨᠡᠯᠡᠬᠦ ᠠᠷᠭ᠎ᠠ︾ ᠶᠢ ᠨᠡᠶᠢᠲᠡᠯᠡᠭᠰᠡᠨ | ᠵᠣᠷᠢᠯᠭ᠎ᠠ᠂ ᠦᠨᠳᠦᠰᠦᠯᠡᠯ ᠵᠢᠴᠢ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠴᠢᠭᠯᠡᠯ ᠪᠠ ᠦᠨᠳᠦᠰᠦᠨ | ᠱᠠᠭᠠᠷᠳᠠᠯᠭ᠎ᠠ ᠶᠢ ᠲᠣᠳᠣᠷᠬᠠᠶᠢᠯᠠᠨ ᠲᠠᠶᠢᠯᠪᠤᠷᠢᠯᠠᠪᠠ᠃ | ᠬᠤᠶᠠᠳᠤᠭᠠᠷ ᠬᠡᠰᠡᠭ᠄ ᠬᠢᠨᠠᠨ ᠬᠡᠮᠵᠢᠵᠦ ᠦᠨᠡᠯᠡᠬᠦ ᠭᠦᠢᠴᠡᠳᠬᠡᠯ ᠲᠤᠭ᠎ᠠ᠃ ᠠᠵᠤ ᠦᠢᠯᠡᠰ ᠤᠨ ᠬᠦᠷᠢᠶᠡᠯᠡᠩ ᠤᠨ | ᠬᠢᠨᠠᠨ ᠬᠡᠮᠵᠢᠯᠲᠡ ᠳᠤ ᠦᠨᠳᠦᠰᠦᠨ ᠪᠠᠶᠢᠳᠠᠯ᠂ ᠠᠵᠤ ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠤᠯᠭᠠᠭᠤᠷᠢᠯᠠᠯ᠂ ᠪᠣᠬᠢᠷᠲᠤᠯ ᠦᠭᠡᠢ ᠬᠥᠭᠵᠢᠯᠲᠡ᠂ ᠵᠢᠵᠢᠭ ᠲᠠᠷᠢᠶᠠᠴᠢᠨ ᠡᠷᠦᠬᠡ ᠬᠢᠭᠡᠳ ᠰᠢᠨ᠎ᠡ | ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠬᠤᠯᠪᠣᠭᠠᠯᠠᠯ ᠢ ᠳᠠᠶᠢᠴᠢᠯᠠᠬᠤ᠂ | ᠲᠥᠷᠥ ᠶᠢᠨ ᠪᠣᠳᠣᠯᠭ᠎ᠠ ᠶᠢᠨ ᠳᠡᠮᠵᠢᠯᠭᠡ ᠵᠡᠷᠭᠡ 6 ᠲᠠᠯ᠎ᠠ ᠶᠢ ᠪᠠᠭᠲᠠᠭᠠᠵᠤ᠂ 49 ᠵᠦᠢᠯ ᠤᠨ ᠪᠣᠳᠠᠲᠠᠢ ᠬᠢᠨᠠᠨ | ᠬᠡᠮᠵᠢᠯᠲᠡ ᠶᠢᠨ ᠭᠦᠢᠴᠡᠳᠬᠡᠯ ᠲᠤᠭ᠎ᠠ ᠶᠢ ᠲᠣᠬᠢᠷᠠᠭᠤᠯᠵᠤ᠂ ᠠᠵᠢᠯ ᠤᠨ ᠦᠷ᠎ᠡ ᠪᠦᠲᠦᠮᠵᠢ ᠶᠢᠨ ᠦᠨᠡᠯᠡᠯᠲᠡ ᠳᠤ | ᠬᠢᠨᠠᠨ ᠬᠡᠮᠵᠢᠯᠲᠡ ᠶᠢᠨ ᠭᠦᠢᠴᠡᠳᠬᠡᠯ ᠲᠤᠭ᠎ᠠ ᠶᠢᠨ ᠰᠠᠭᠤᠷᠢᠨ ᠳᠡᠭᠡᠷ᠎ᠡ 18 ᠭᠦᠢᠴᠡᠳᠬᠡᠯ ᠲᠤᠭ᠎ᠠ ᠶᠢᠨ ᠵᠦᠢᠯ ᠢ | ᠲᠣᠭᠲᠠᠭᠠᠵᠤ᠂ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠳᠤ | ᠠᠵᠢᠯ ᠤᠨ ᠦᠷ᠎ᠡ ᠪᠦᠲᠦᠮᠵᠢ ᠶᠢᠨ ᠦᠨᠡᠯᠡᠯᠲᠡ ᠬᠢᠨ᠎ᠡ᠃ | ᠭᠤᠷᠪᠠᠳᠤᠭᠠᠷ ᠬᠡᠰᠡᠭ᠄ ᠬᠥᠳᠡᠯᠦᠩᠭᠦᠢ ᠬᠠᠮᠢᠶᠠᠷᠤᠯᠲᠠ᠃ ᠨᠢᠭᠡᠨᠲᠡ ᠵᠥᠪᠰᠢᠶᠡᠷᠡᠨ ᠪᠠᠶᠢᠭᠤᠯᠤᠭᠰᠠᠨ ᠠᠵᠤ | ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠬᠥᠳᠡᠯᠦᠩᠭᠦᠢ ᠬᠢᠨᠠᠨ ᠬᠡᠮᠵᠢᠬᠦ | ᠬᠠᠮᠢᠶᠠᠷᠤᠯᠲᠠ ᠶᠢᠨ ᠲᠣᠭᠲᠠᠴᠠ ᠶᠢ ᠬᠡᠷᠡᠭᠵᠢᠭᠦᠯᠵᠦ᠂ 2 ᠰᠠᠷ᠎ᠠ ᠪᠦᠷᠢ ᠨᠢᠭᠡ ᠤᠳᠠᠭ᠎ᠠ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠤᠨ ᠲᠣᠬᠢᠷᠠᠭᠤᠯᠤᠯᠲᠠ ᠬᠢᠵᠦ᠂ ᠵᠢᠯ ᠪᠦᠷᠢ ᠶᠢᠨ 6 | ᠰᠠᠷ᠎ᠠ ᠳᠤ ᠨᠢᠭᠡ ᠤᠳᠠᠭ᠎ᠠ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠲᠣᠬᠢᠷᠠᠭᠤᠯᠤᠯᠲᠠ ᠶᠢᠨ ᠪᠦᠷᠢᠳᠬᠡᠯ ᠬᠢᠵᠦ᠂ | ᠵᠢᠯ ᠪᠦᠷᠢ ᠶᠢᠨ 1 ᠰᠠᠷ᠎ᠠ ᠳᠤ ᠣᠨ ᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ | ᠠᠵᠢᠯ ᠤᠨ ᠦᠷ᠎ᠡ ᠪᠦᠲᠦᠮᠵᠢ ᠶᠢᠨ ᠦᠨᠡᠯᠡᠯᠲᠡ ᠬᠢᠨ᠎ᠡ᠃ | ᠳᠥᠷᠪᠡᠳᠦᠭᠡᠷ ᠬᠡᠰᠡᠭ᠄ ᠬᠢᠨᠠᠨ ᠰᠢᠯᠭᠠᠵᠤ ᠮᠠᠭᠠᠳᠯᠠᠨ ᠲᠣᠭᠲᠠᠭᠠᠬᠤ ᠵᠢᠷᠤᠮ᠃ ᠬᠢᠨᠠᠨ ᠰᠢᠯᠭᠠᠵᠤ ᠮᠠᠭᠠᠳᠯᠠᠨ | ᠲᠣᠭᠲᠠᠭᠠᠬᠤ ᠠᠷᠭ᠎ᠠ ᠮᠠᠶ᠋ᠢᠭ᠂ ᠵᠢᠷᠤᠮ ᠢ ᠲᠣᠭᠲᠠᠭᠠᠪᠠ︔ ᠬᠢᠨᠠᠨ ᠰᠢᠯᠭᠠᠵᠤ ᠦᠨᠡᠯᠡᠬᠦ ᠦᠷ᠎ᠡ ᠳ᠋ᠦᠩ ᠤᠨ ᠵᠡᠷᠭᠡ | ᠳᠡᠰ ᠢ ᠲᠣᠳᠣᠷᠬᠠᠶᠢᠯᠠᠪᠠ︔ ᠬᠢᠨᠠᠨ ᠰᠢᠯᠭᠠᠯᠲᠠ ᠶᠢᠨ ᠦᠷ᠎ᠡ ᠳ᠋ᠦᠩ ᠤᠨ ᠬᠡᠷᠡᠭᠯᠡᠯᠲᠡ ᠶᠢ ᠳᠤᠷᠠᠳᠤᠭᠰᠠᠨ ᠪᠥᠭᠡᠳ | ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ | ᠲᠠᠪᠤᠳᠤᠭᠠᠷ ᠬᠡᠰᠡᠭ᠄ ᠳᠠᠭᠠᠯᠲᠠ ᠳᠦᠷᠢᠮ᠃ ︽ᠬᠢᠨᠠᠨ ᠬᠡᠮᠵᠢᠵᠦ ᠦᠨᠡᠯᠡᠬᠦ ᠠᠷᠭ᠎ᠠ︾ ᠶᠢ ᠲᠤᠷᠰᠢᠨ | ᠬᠡᠷᠡᠭᠵᠢᠭᠦᠯᠬᠦ ᠴᠠᠭ ᠬᠤᠭᠤᠴᠠᠭ᠎ᠠ ᠶᠢ ᠲᠣᠳᠣᠷᠬᠠᠶᠢᠯᠠᠪᠠ᠃ | | |