ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 22 ᠤᠨ ᠴᠠᠭᠢᠯᠭᠠᠨ ᠮᠡᠳᠡᠭᠡ 5 ᠰᠠᠷ᠎ᠠ ᠶᠢᠨ 22 ᠤᠨ | ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠵᠤᠭ᠎ᠠ ᠪᠠᠷ ᠹᠷᠠᠨᠼᠢ ᠶᠢᠨ ᠶᠡᠷᠦᠩᠬᠡᠶᠢᠯᠡᠭᠴᠢ | ᠮᠠᠶᠢᠺᠷᠤᠨ ᠲᠠᠢ ᠤᠲᠠᠰᠤ ᠪᠠᠷ ᠶᠠᠷᠢᠯᠴᠠᠪᠠ᠃ | ᠰᠢ ᠶᠢᠨ ᠫᠢᠩ᠂ ᠨᠢᠳᠤᠨᠤᠨ ᠤ 5 ᠰᠠᠷ᠎ᠠ ᠳᠤ ᠪᠢ ᠹᠷᠠᠨᠼᠢ ᠳᠤ ᠠᠶᠢᠯᠴᠢᠯᠠᠵᠤ᠂ ᠬᠤᠶᠠᠷ ᠲᠠᠯ᠎ᠠ ᠪᠠᠷ ᠢᠶᠠᠨ ᠪᠡᠶ᠎ᠡ ᠪᠠᠨ | ᠳᠠᠭᠠᠭᠠᠵᠤ ᠡᠵᠡᠨ ᠮᠡᠳᠡᠬᠦ᠂ ᠬᠠᠷᠢᠯᠴᠠᠨ ᠣᠶᠢᠯᠠᠭᠠᠯᠴᠠᠬᠤ᠂ ᠥᠨᠳᠥᠷ ᠲᠤ ᠵᠣᠭᠰᠣᠨ ᠠᠯᠤᠰ ᠢ ᠪᠠᠷᠠᠯᠠᠬᠤ᠂ ᠬᠠᠷᠢᠯᠴᠠᠨ | ᠠᠰᠢᠭᠲᠠᠢ ᠬᠠᠮᠲᠤ ᠪᠠᠷ ᠠᠰᠢᠭ ᠭᠦᠷᠳᠡᠭᠦ ᠳᠤᠮᠳᠠᠳᠤ ᠹᠷᠠᠨᠼᠢ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠬᠤ ᠵᠣᠷᠢᠭ | ᠰᠠᠨᠠᠭ᠎ᠠ ᠶᠢ ᠪᠠᠳᠠᠷᠠᠭᠤᠯᠬᠤ ᠶᠢ ᠰᠠᠨᠠᠯ ᠨᠢᠭᠡᠲᠡᠢ ᠵᠥᠪᠰᠢᠶᠡᠷᠡᠭᠰᠡᠨ ᠪᠥᠭᠡᠳ ᠲᠡᠭᠦᠨ ᠳᠤ ᠰᠢᠨ᠎ᠡ ᠴᠠᠭ ᠦᠶ᠎ᠡ ᠶᠢᠨ | ᠠᠭᠤᠯᠤᠭᠳᠠᠬᠤᠨ ᠣᠯᠭᠤᠪᠠ᠃ ᠲᠡᠭᠦᠨ ᠠᠴᠠ ᠰᠡᠭᠦᠯᠡᠷ᠂ ᠳᠤᠮᠳᠠᠳᠤ ᠹᠷᠠᠨᠼᠢ ᠶᠢᠨ ᠬᠠᠮᠲᠤᠷᠠᠯᠴᠠᠭ᠎ᠠ ᠪᠠᠰᠠ ᠮᠠᠰᠢ ᠤᠯᠠᠨ | ᠰᠢᠨ᠎ᠡ ᠠᠬᠢᠴᠠ ᠲᠠᠢ ᠪᠣᠯᠪᠠ᠃ | ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ᠂ ᠬᠠᠮᠲᠤ ᠶᠢᠨ | ᠲᠠᠨᠢᠯᠲᠠ ᠪᠠᠨ ᠨᠢᠭᠲᠠᠷᠠᠭᠤᠯᠤᠶ᠎ᠠ᠃ ᠠᠵᠠ ᠲᠣᠭᠢᠶᠠᠯ ᠢ ᠠᠮᠵᠢᠵᠤ᠂ ᠪᠡᠯᠡ ᠣᠷᠣᠭᠤᠯᠤᠯᠲᠠ᠂ ᠰᠠᠨᠰᠠᠷ ᠤᠨ ᠠᠶᠠᠯᠠᠯ ᠠᠭᠠᠷ ᠤᠨ | ᠠᠶᠠᠯᠠᠯ᠂ ᠴᠥᠮ᠎ᠡ ᠶᠢᠨ ᠡᠨᠧᠷᠭᠢ ᠵᠡᠷᠭᠡ ᠤᠯᠠᠮᠵᠢᠯᠠᠯᠲᠤ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ | ᠲᠣᠭᠠᠴᠢᠯᠠᠯᠳᠠ᠂ ᠪᠣᠬᠢᠷᠳᠤᠯ ᠦᠭᠡᠢ᠂ ᠠᠮᠢᠳᠤ ᠪᠣᠳᠠᠰ ᠤᠨ ᠡᠮ ᠡᠮᠨᠡᠯᠭᠡ᠂ ᠪᠤᠭᠤᠷᠤᠯᠴᠤᠳ ᠤᠨ ᠠᠵᠤ ᠠᠬᠤᠢ ᠵᠡᠷᠭᠡ | ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠶ᠎ᠡ᠃ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ | ᠨᠡᠮᠡᠭᠳᠡᠭᠦᠯᠵᠦ᠂ ᠠᠷᠠᠳ ᠲᠦᠮᠡᠨ ᠤ ᠨᠥᠬᠦᠷᠯᠡᠯ ᠢ ᠠᠬᠢᠭᠤᠯᠤᠶ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠨᠡ ᠵᠢᠯ ᠪᠣᠯ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠢᠯᠠᠯᠲᠠ ᠣᠯᠣᠭᠰᠠᠨ ᠪᠠ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠤᠢ ᠪᠣᠯᠣᠨ᠎ᠠ᠃ ᠳᠤᠮᠳᠠᠳᠤ ᠹᠷᠠᠨᠼᠢ ᠪᠣᠯ ᠴᠥᠮ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ ᠡᠷᠭᠢᠯᠡᠭᠦ | ᠤᠯᠤᠰ ᠪᠠ ᠪᠡᠶ᠎ᠡ ᠪᠠᠨ ᠳᠠᠭᠠᠭᠠᠵᠤ ᠡᠵᠡᠨ ᠮᠡᠳᠡᠬᠦ ᠲᠣᠮᠣ ᠤᠯᠤᠰ ᠮᠥᠨ᠂ ᠳᠠᠶᠢᠨ ᠤ ᠳᠠᠷᠠᠭᠠᠬᠢ ᠤᠯᠠᠨ ᠤᠯᠤᠰ ᠤᠨ ᠡᠮᠬᠢ | ᠳᠢᠭᠯᠢᠮ ᠤᠨ ᠡᠭᠦᠰᠬᠡᠨ ᠪᠠᠶᠢᠭᠤᠯᠤᠭᠴᠢ᠂ ᠪᠦᠲᠦᠭᠡᠨ ᠪᠠᠶᠢᠭᠤᠯᠤᠭᠴᠢ ᠮᠥᠨ᠂ ᠪᠦᠯᠬᠦᠮᠳᠡᠯ ᠬᠠᠮᠲᠤᠷᠠᠯᠴᠠᠭ᠎ᠠ ᠪᠠᠨ | ᠴᠢᠩᠭᠠᠳᠬᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠪᠠ ᠪᠠᠶᠢᠷᠢ ᠰᠠᠭᠤᠷᠢ ᠶᠢ ᠬᠠᠮᠲᠤ ᠪᠠᠷ | ᠬᠠᠮᠠᠭᠠᠯᠠᠵᠤ᠂ ᠤᠯᠠᠨ ᠤᠯᠤᠰ ᠤᠨ ᠠᠷᠠᠯᠵᠢᠶᠠᠨ ᠤ ᠳᠦᠷᠢᠮ ᠪᠠ ᠳᠡᠯᠡᠬᠡᠢ ᠶᠢᠨ ᠠᠵᠤ ᠠᠬᠤᠢ ᠶᠢᠨ ᠡᠮᠬᠢ ᠵᠢᠷᠤᠮ ᠢ | ᠬᠠᠮᠠᠭᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠬᠦ ᠬᠡᠷᠡᠭᠲᠡᠢ᠃ ᠳᠡᠯᠡᠬᠡᠢ ᠶᠢᠨ ᠪᠠᠶᠢᠳᠠᠯ ᠬᠡᠳᠦᠢ | ᠪᠤᠳᠤᠯᠢᠶᠠᠨᠲᠠᠢ ᠪᠤᠯᠬᠤ ᠳᠤᠳᠤᠮ᠂ ᠳᠤᠮᠳᠠᠳᠤ ᠹᠷᠠᠨᠼᠢ ᠲᠡᠳᠦᠢ ᠵᠥᠪ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠬᠢᠵᠦ᠂ | ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠬᠤ ᠨᠠᠶᠢᠳᠠᠪᠤᠷᠢᠲᠠᠢ ᠬᠦᠴᠦᠨ᠂ ᠪᠦᠭᠦ ᠪᠥᠮᠪᠥᠷᠴᠡᠭ ᠤᠨ ᠨᠡᠮᠡᠭᠳᠡᠯ ᠢ | ᠠᠬᠢᠭᠤᠯᠬᠤ ᠨᠡᠭᠡᠭᠡᠯᠲᠡᠲᠤ ᠬᠦᠴᠦᠨ᠂ ᠤᠯᠠᠨ ᠲᠠᠯᠠᠲᠤ ᠬᠠᠮᠲᠤᠷᠠᠯᠴᠠᠭ᠎ᠠ ᠶᠢ ᠬᠥᠲᠥᠯᠥᠨ ᠳᠠᠭᠠᠭᠤᠯᠬᠤ ᠳᠠᠪᠰᠢᠩᠭᠤᠢ ᠬᠦᠴᠦᠨ | ᠪᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠳᠤᠮᠳᠠᠳᠤ ᠤᠯᠤᠰ ᠢᠮᠠᠭᠲᠠ ᠡᠸᠦ᠋ᠷᠦᠫᠡ ᠲᠢᠪ ᠢ ᠤᠯᠠᠨ ᠲᠤᠶᠢᠯᠲᠤ ᠳᠡᠯᠡᠬᠡᠢ ᠶᠢᠨ ᠲᠤᠰᠠᠭᠠᠷ ᠨᠢᠭᠡ | ᠲᠤᠶᠢᠯ ᠢᠶᠠᠷ ᠦᠵᠡᠵᠦ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ | ᠪᠡᠶ᠎ᠡ ᠪᠠᠨ ᠳᠠᠭᠠᠭᠠᠬᠤ ᠪᠠᠨ ᠴᠢᠩᠭᠠᠳᠬᠠᠬᠤ ᠶᠢ ᠲᠡᠮᠵᠢᠵᠦ᠂ ᠤᠯᠠᠠ ᠤᠯᠤᠰ ᠤᠨ ᠬᠡᠷᠡᠭ ᠶᠠᠪᠤᠳᠠᠯ ᠳᠤ ᠨᠡᠩ ᠴᠢᠬᠤᠯᠠ | ᠦᠢᠯᠡᠳᠦᠯ ᠦᠵᠡᠭᠦᠯᠵᠦ᠂ ᠳᠤᠷᠠᠲᠠᠶ᠎ᠠ ᠡᠸᠦ᠋ᠷᠦᠫᠡ ᠲᠢᠪ ᠤᠨ ᠬᠢᠨ ᠲᠠᠢ ᠭᠠᠷ ᠬᠤᠯᠪᠣᠯᠴᠠᠨ ᠪᠦᠭᠦ ᠪᠥᠮᠪᠥᠷᠴᠡᠭ ᠤᠨ ᠴᠢᠨᠠᠷᠲᠠᠢ | ᠥᠷᠢᠰᠦᠯᠳᠦᠭᠡᠨ ᠢ ᠠᠷᠭᠠᠴᠠᠭᠠᠵᠤ᠂ ᠬᠤᠶᠠᠷ ᠲᠠᠯ᠎ᠠ ᠳᠤ ᠪᠤᠶᠠᠨ ᠦᠢᠯᠡᠳᠬᠦ ᠪᠠᠷ ᠪᠠᠷᠠᠬᠤ ᠦᠭᠡᠢ ᠪᠠᠰᠠ ᠳᠡᠯᠡᠬᠡᠢ ᠳ᠋ᠠᠬᠢᠨ ᠳᠤ | ᠠᠰᠢᠭᠲᠠᠢ ᠦᠷ᠎ᠡ ᠪᠦᠲᠦᠭᠡᠯ ᠢ ᠨᠡᠩ ᠤᠯᠠᠠ ᠣᠯᠬᠤ ᠪᠠᠷ ᠴᠢᠷᠮᠠᠶᠢᠨ᠎ᠠ ᠭᠡᠵᠦ ᠵᠢᠭᠠᠵᠤ ᠭᠠᠷᠭᠠᠪᠠ᠃ | ᠮᠠᠶᠢᠺᠷᠤᠨ᠂ ᠹᠷᠠᠨᠼᠢ ᠳᠤᠮᠳᠠᠳᠤ᠂ ᠡᠸᠦ᠋ᠷᠦᠫᠡ ᠳᠤᠮᠳᠠᠳᠤ ᠶᠢᠨ ᠬᠠᠷᠢᠯᠴᠠᠭ᠎ᠠ ᠲᠤᠶᠢᠯ ᠤᠨ ᠴᠢᠬᠤᠯᠠ ᠪᠠᠶᠢᠵᠤ᠂ | ᠳᠡᠯᠡᠬᠡᠢ ᠶᠢᠨ ᠠᠴᠢ ᠬᠤᠯᠪᠣᠭᠳᠠᠯ ᠲᠠᠢ ᠶᠤᠮ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ ᠹᠷᠠᠨᠼᠢ ᠶᠢᠨ ᠬᠢᠨ | ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠡ ᠯᠡ ᠳᠤᠮᠳᠠᠳᠤ ᠤᠯᠤᠰ | ᠪᠠᠶᠢᠬᠤ ᠵᠠᠷᠴᠢᠮ ᠢ ᠡᠷᠡᠰ ᠪᠠᠷᠢᠮᠲᠠᠯᠠᠬᠤ ᠵᠣᠭᠰᠣᠯᠲᠠ ᠳᠤ ᠶᠠᠮᠠᠷ ᠴᠤ ᠬᠤᠪᠢᠷᠠᠯᠲᠠ ᠭᠠᠷᠬᠤ ᠦᠭᠡᠢ ᠶᠤᠮ᠃ ᠳᠤᠷᠠᠲᠠᠶ᠎ᠠ | ᠳᠤᠮᠳᠠᠳᠤ ᠤᠯᠤᠰ ᠯᠤᠭ᠎ᠠ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ ᠵᠢᠴᠢ ᠡᠯ᠎ᠡ ᠬᠦᠷᠢᠶᠡᠨ ᠤ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠰᠠᠶᠢᠨ ᠰᠠᠶᠢᠬᠠᠨ | ᠬᠥᠭᠵᠢᠯᠲᠡ ᠶᠢᠨ ᠬᠠᠨᠳᠤᠰᠢ ᠶᠢ ᠪᠠᠲᠤᠯᠠᠵᠤ᠂ ᠹᠷᠠᠨᠼᠢ ᠳᠤᠮᠳᠠᠳᠤ ᠶᠢᠨ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ | ᠪᠤᠯᠬᠤ ᠶᠢ ᠠᠬᠢᠭᠤᠯᠤᠨ᠎ᠠ᠃ ᠲᠦᠷᠭᠡᠨ ᠬᠤᠪᠢᠷᠠᠵᠤ ᠪᠠᠶᠢᠭ᠎ᠠ ᠳᠡᠯᠡᠬᠡᠢ ᠶᠢᠨ ᠪᠠᠶᠢᠳᠠᠯ ᠤᠨ ᠡᠮᠦᠨ᠎ᠡ᠂ ᠹᠷᠠᠨᠼᠢ ᠶᠢᠨ ᠬᠢᠨ | ᠳᠤᠷᠠᠲᠠᠶ᠎ᠠ ᠳᠤᠮᠳᠠᠳᠤ ᠶᠢᠨ ᠬᠢᠨ ᠲᠠᠢ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠣᠯᠣᠯᠴᠠᠭ᠎ᠠ ᠵᠣᠬᠢᠴᠠᠭᠤᠯᠭ᠎ᠠ ᠪᠠᠨ | ᠴᠢᠩᠭᠠᠳᠬᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ | ᠬᠡᠷᠡᠭ ᠡᠷᠭᠢᠯᠡᠭᠦ ᠤᠯᠤᠰ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠬᠠᠯᠠᠮᠰᠢᠯ ᠠᠰᠠᠭᠤᠳᠠᠯ ᠤᠨ ᠳᠡᠰ ᠳᠡᠪᠰᠢᠨ ᠥᠷᠭᠡᠵᠢᠬᠦ ᠶᠢ | ᠰᠡᠷᠭᠡᠶᠢᠯᠡᠵᠦ᠂ ᠳᠡᠯᠡᠬᠡᠢ ᠶᠢᠨ ᠪᠠ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠨ᠎ᠠ᠃ | ᠡᠸᠦ᠋ᠷᠦᠫᠡ ᠳᠤᠮᠳᠠᠳᠤ ᠤᠯᠠᠮ ᠨᠢᠭᠡ ᠠᠯᠬᠤᠮ ᠣᠯᠣᠯᠴᠠᠭ᠎ᠠ ᠶᠠᠷᠢᠯᠴᠠᠭ᠎ᠠ ᠪᠠᠨ ᠨᠢᠭᠲᠠᠷᠠᠭᠤᠯᠵᠤ᠂ ᠬᠠᠮᠲᠤ ᠶᠢᠨ ᠠᠰᠢᠭ | ᠲᠤᠰᠠ ᠪᠠᠨ ᠬᠠᠮᠠᠭᠠᠯᠠᠪᠠᠯ ᠵᠣᠬᠢᠨ᠎ᠠ ᠭᠡᠵᠦ ᠢᠯᠡᠳᠬᠡᠪᠡ᠃ | ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ᠂ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ᠂ ᠢᠷᠠᠨ ᠤ | ᠴᠥᠮ᠎ᠡ ᠶᠢᠨ ᠠᠰᠠᠭᠤᠳᠠᠯ ᠵᠡᠷᠭᠡ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ | ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ |