ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠬᠤ ᠪᠣᠯ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ ᠶᠢᠨ ᠰᠠᠭᠤᠷᠢ ᠲᠤᠯᠭᠠᠭᠤᠷᠢᠯᠠᠯ ᠪᠠ ᠳᠣᠲᠣᠭᠠᠳᠤ ᠱᠠᠭᠠᠷᠳᠠᠯᠭ᠎ᠠ ᠪᠣᠯᠣᠨ᠎ᠠ᠃ ᠲᠥᠪ ᠤᠨ | ᠠᠵᠤ ᠠᠬᠤᠢ ᠶᠢᠨ ᠠᠵᠢᠯ ᠤᠨ ᠬᠤᠷᠠᠯᠳᠤᠭᠠᠨ ᠢᠶᠠᠷ ︽ᠠᠵᠤ ᠠᠬᠤᠶᠢᠯᠠᠯ ᠳᠤ ᠬᠤᠯᠪᠣᠭᠳᠠᠬᠤ ᠬᠠᠤᠯᠢ | ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭᠠᠨ ᠢ ᠥᠷᠨᠢᠭᠦᠯᠬᠦ ᠬᠡᠷᠡᠭᠲᠡᠢ᠃ ᠪᠦᠬᠦ ᠤᠯᠤᠰ ᠤᠨ | ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠵᠢᠯᠣᠭᠤᠳᠤᠮᠵᠢ ᠶᠢ ᠲᠣᠭᠲᠠᠭᠠᠨ᠎ᠠ︾ ᠭᠡᠵᠦ | ᠳᠤᠷᠠᠳᠪᠠ᠃ ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ︽ᠪᠦᠬᠦ ᠤᠯᠤᠰ ᠤᠨ | ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠤᠨ᠎ᠠ︾ ᠭᠡᠵᠦ | ᠳᠤᠷᠠᠳᠪᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠤᠯᠠᠮ | ᠨᠢᠭᠡ ᠠᠯᠬᠤᠮ ᠲᠤᠪᠤᠶᠢᠯᠭᠠᠵᠤ᠂ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠠᠰᠢᠭᠲᠠᠢ | ᠡᠯ᠎ᠡ ᠵᠦᠢᠯ ᠤᠨ ᠳᠦᠷᠢᠮ ᠲᠣᠭᠲᠠᠭᠠᠯ ᠢ ᠬᠡᠷᠬᠢᠨ ᠲᠣᠭᠲᠠᠭᠠᠵᠤ᠂ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ | ᠪᠦᠲᠦᠭᠡᠨ ᠪᠠᠶᠢᠭᠤᠯᠤᠯᠲᠠ ᠳᠤ ᠠᠰᠢᠭ ᠦᠭᠡᠢ ᠡᠯ᠎ᠡ ᠵᠦᠢᠯ ᠤᠨ ᠬᠠᠷᠰᠢ ᠰᠠᠭᠠᠳ ᠢ ᠬᠡᠷᠬᠢᠨ ᠠᠷᠢᠯᠭᠠᠬᠤ ᠪᠤᠢ︖ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠷᠢᠰᠦᠯᠳᠦᠭᠡᠨ ᠤ | ᠲᠥᠷᠥ ᠶᠢᠨ ᠪᠣᠳᠣᠯᠭ᠎ᠠ ᠶᠢ ᠵᠣᠬᠢᠴᠠᠭᠤᠯᠬᠤ ᠵᠤᠷᠭᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠡᠷᠬᠡ ᠲᠡᠭᠰᠢ ᠪᠠᠷ ᠥᠷᠢᠰᠦᠯᠳᠦᠬᠦ ᠳᠦᠷᠢᠮ | ᠲᠣᠭᠲᠠᠭᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠵᠦᠢ ᠵᠣᠬᠢᠰ | ᠦᠭᠡᠢ ᠪᠠᠷ ᠭᠠᠷ ᠲᠦᠷᠦᠭᠦ ᠡᠯ᠎ᠡ ᠵᠦᠢᠯ ᠤᠨ ᠦᠶᠯᠡ ᠠᠵᠢᠯᠯᠠᠭ᠎ᠠ ᠶᠢ ᠡᠷᠡᠰ ᠵᠠᠯᠠᠷᠠᠭᠤᠯᠵᠤ᠂ ᠤᠯᠤᠰ ᠠᠷᠠᠳ ᠤᠨ | ᠠᠵᠤ ᠠᠬᠤᠢ ᠶᠢᠨ ᠣᠷᠴᠢᠯ ᠤᠨ ᠰᠠᠭᠠᠳ ᠦᠭᠡᠢ ᠨᠡᠪᠲᠡᠷᠡᠬᠦ ᠶᠢ ᠠᠬᠢᠭᠤᠯᠤᠨ᠎ᠠ᠃ ︽ᠭᠤᠣᠯᠴᠢ ᠥᠷᠢᠰᠦᠯᠳᠦᠭᠡᠨ ᠢ | ᠬᠢᠨᠠᠨ ᠪᠠᠶᠢᠴᠠᠭᠠᠬᠤ ᠳᠦᠷᠢᠮ ᠤᠨ ᠬᠡᠷᠡᠭᠵᠢᠭᠦᠯᠬᠦ ᠠᠷᠭ᠎ᠠ︾ ᠶᠢ ᠬᠡᠷᠡᠭᠵᠢᠭᠦᠯᠬᠦ ᠪᠠᠨ ᠲᠦᠷᠭᠡᠪᠴᠢᠯᠡᠨ ᠠᠬᠢᠭᠤᠯᠵᠤ᠂ | ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠶᠡᠷᠦᠩᠬᠡᠢ ᠱᠠᠭᠠᠷᠳᠠᠯᠭ᠎ᠠ᠂ ᠬᠢᠨᠠᠨ ᠪᠠᠶᠢᠴᠠᠭᠠᠬᠤ ᠪᠠᠷᠢᠮᠵᠢᠶ᠎ᠠ᠂ | ᠬᠢᠨᠠᠨ ᠪᠠᠶᠢᠴᠠᠭᠠᠬᠤ ᠲᠣᠭᠲᠠᠴᠠ ᠪᠠ ᠬᠢᠨᠠᠯᠲᠠ ᠲᠠᠯᠪᠢᠵᠤ ᠪᠠᠲᠤᠯᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ | ᠨᠠᠷᠢᠯᠢᠭᠵᠢᠭᠤᠯᠤᠨ᠎ᠠ ᠭᠡᠵᠡᠢ᠃ | ᠵᠠᠰᠠᠭ ᠵᠠᠬᠢᠷᠭᠠᠨ ᠤ ᠡᠷᠬᠡ ᠶᠢ ᠳᠤᠷ᠎ᠠ ᠪᠠᠷ ᠬᠡᠷᠡᠭᠯᠡᠨ ᠥᠷᠢᠰᠦᠯᠳᠦᠭᠡᠨ ᠢ ᠭᠠᠳᠠᠭᠤᠷᠴᠢᠯᠠᠬᠤ᠂ ᠬᠢᠵᠠᠭᠠᠷᠯᠠᠬᠤ | ᠪᠠᠶᠢᠳᠠᠯ ᠳᠤ ᠴᠢᠭᠯᠡᠭᠦᠯᠦᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ | ᠡᠵᠡᠩᠨᠡᠯᠲᠡ ᠶᠢᠨ ᠭᠤᠣᠯ ᠴᠣᠭᠴᠠ ᠶᠢᠨ ᠲᠤᠰᠬᠠᠯ ᠶᠡᠬᠡᠲᠡᠢ ᠬᠦᠷᠢᠶᠡᠨ ᠳᠤ ᠠᠩᠬᠠᠷᠤᠯ ᠲᠥᠪᠯᠡᠷᠡᠭᠦᠯᠵᠦ᠂ ᠬᠢᠨᠠᠯᠲᠠ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠤᠨ ᠨᠡᠭᠦᠬᠦ ᠶᠢ | ᠬᠢᠵᠠᠭᠠᠷᠯᠠᠬᠤ᠂ ᠲᠠᠸᠠᠷ ᠤᠨ ᠬᠦᠴᠦᠨ ᠵᠦᠢᠯ ᠤᠨ ᠴᠢᠯᠦᠭᠡᠲᠡᠢ ᠭᠦᠢᠯᠭᠡᠭᠡᠨ ᠢ ᠬᠠᠷᠰᠢᠯᠠᠬᠤ᠂ ᠥᠪᠡᠷ ᠤᠨ ︽ᠪᠠᠭ᠎ᠠ | ᠣᠷᠴᠢᠯ︾ ᠲᠠᠢ ᠪᠠᠶᠢᠯᠭᠠᠬᠤ ᠵᠡᠷᠭᠡ ᠠᠵᠢᠯᠯᠠᠭ᠎ᠠ ᠶᠢ ᠡᠷᠡᠰ ᠵᠠᠯᠠᠷᠠᠭᠤᠯᠵᠤ᠂ ᠤᠯᠤᠰ ᠠᠷᠠᠳ ᠤᠨ ᠠᠵᠤ ᠠᠬᠤᠢ ᠶᠢᠨ | ᠣᠷᠴᠢᠯ ᠤᠨ ᠥᠨᠳᠥᠷ ᠪᠦᠲᠦᠮᠵᠢᠲᠡᠶ ᠰᠠᠭᠠᠳ ᠦᠭᠡᠢ ᠨᠡᠪᠲᠡᠷᠡᠬᠦ ᠶᠢ ᠠᠬᠢᠭᠤᠯᠤᠨ᠎ᠠ᠃ | ᠬᠡᠰᠡᠭ ᠭᠠᠵᠠᠷ ᠣᠷᠣᠨ ᠳᠤ ᠢᠯᠡᠷᠡᠵᠦ ᠪᠠᠶᠢᠭ᠎ᠠ ︽ᠨᠢᠭᠡ ᠲᠥᠷᠥᠯ ᠤᠨ ᠬᠡᠷᠡᠭ ᠢ ᠠᠳᠠᠯᠢ ᠪᠤᠰᠤ ᠪᠠᠷ | ᠲᠣᠷᠭᠠᠭᠰᠠᠨ︾ ᠪᠠᠶᠢᠳᠠᠯ ᠳᠤ ᠴᠢᠭᠯᠡᠭᠦᠯᠦᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ | ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠬᠢᠨᠠᠨ ᠪᠠᠶᠢᠴᠠᠭᠠᠬᠤ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ | ᠲᠠᠨᠢᠯᠴᠠᠭᠤᠯᠬᠤ ᠳᠤ ᠪᠠᠨ᠂ ︽ᠠᠷᠠᠳ ᠤᠨ ᠲᠥᠯᠥᠭᠡ ᠬᠢᠨᠠᠨ ᠬᠠᠮᠢᠶᠠᠷᠬᠤ ᠣᠨᠣᠯᠵᠢᠬᠤᠨ ᠢ ᠪᠠᠲᠤ ᠪᠣᠢ ᠪᠣᠯᠭᠠᠨ | ᠦᠢᠯᠡᠴᠢᠯᠡᠬᠦ ᠬᠡᠯᠪᠡᠷᠢ ᠶᠢᠨ ᠬᠠᠤᠯᠢ ᠬᠡᠷᠡᠭᠵᠢᠭᠦᠯᠦᠯᠲᠡ ᠶᠢ ᠬᠡᠷᠡᠭᠵᠢᠭᠦᠯᠬᠦ ᠲᠤᠬᠠᠢ ᠵᠢᠯᠤᠭᠤᠳᠬᠤ ᠰᠠᠨᠠᠯ︾ ᠪᠠ ︽ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠯᠠᠭᠠᠨ ᠤ ᠵᠢᠷᠤᠮᠵᠢᠯ︾ ᠢ ᠳᠠᠷᠤᠮᠠᠯᠯᠠᠨ | ᠶᠠᠪᠤᠭᠤᠯᠤᠭᠰᠠᠨ ᠤ ᠳᠠᠷᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ︽ᠰᠡᠷᠭᠡᠶᠢᠯᠡᠬᠦ ᠪᠠᠷ | ᠭᠤᠣᠯᠯᠠᠵᠤ᠂ ᠬᠥᠩᠭᠡᠨ ᠲᠣᠷᠭᠠᠭᠤᠯᠢ ᠠᠴᠠ ᠬᠡᠯᠲᠦᠷᠢᠭᠦᠯᠬᠦ᠂ ᠬᠦᠨᠳᠦ ᠪᠠᠷ ᠵᠥᠷᠢᠴᠡᠭᠰᠡᠨ ᠪᠠᠶᠢᠪᠠᠯ ᠴᠢᠩᠭ᠎ᠠ ᠰᠢᠢᠳᠬᠡᠬᠦ᠂ | ᠠᠯᠳᠠᠰᠢ ᠪᠠ ᠲᠣᠷᠭᠠᠭᠤᠯᠢ ᠶᠢ ᠲᠡᠩᠨᠡᠭᠦᠯᠬᠦ᠂ ᠬᠡᠷᠡᠭ ᠤᠨ ᠳᠠᠷᠠᠭ᠎ᠠ ᠰᠤᠷᠪᠤᠯᠵᠢᠯᠠᠬᠤ︾ ᠦᠢᠯᠡᠴᠢᠯᠡᠬᠦ ᠬᠡᠯᠪᠡᠷᠢ ᠶᠢᠨ | ᠬᠠᠤᠯᠢ ᠬᠡᠷᠡᠭᠵᠢᠭᠦᠯᠬᠦ ᠬᠡᠪ ᠵᠠᠭᠪᠤᠷ ᠢ ᠬᠦᠴᠦᠯᠡᠨ ᠪᠠᠶᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠪᠠ ᠠᠷᠠᠳ | ᠤᠯᠠᠨ ᠳᠤ ᠬᠠᠤᠯᠢ ᠬᠡᠷᠡᠭᠵᠢᠭᠦᠯᠬᠦ ᠠᠵᠢᠯᠯᠠᠭ᠎ᠠ ᠪᠣᠯᠭᠠᠨ ᠠᠴᠠ ᠰᠤᠷᠲᠠᠯ ᠴᠢᠬᠡᠴᠢ ᠣᠪᠣᠷ ᠲᠥᠪ ᠪᠠᠶᠢᠬᠤ ᠶᠢ | ᠦᠵᠡᠭᠦᠯᠵᠦ᠂ ᠬᠠᠤᠯᠢ ᠬᠡᠷᠡᠭᠵᠢᠭᠦᠯᠬᠦ ᠲᠣᠭᠲᠠᠭᠠᠯ ᠪᠣᠯᠭᠠᠨ ᠠᠴᠠ ᠲᠥᠪ ᠭᠤᠣᠯᠴᠢ ᠰᠢᠳᠤᠷᠭᠤ ᠶᠣᠰᠣ ᠶᠢ | ᠮᠡᠳᠡᠷᠡᠭᠦᠯᠬᠦ ᠪᠠᠷ ᠴᠢᠷᠮᠠᠶᠢᠵᠤ ᠪᠠᠶᠢᠨ᠎ᠠ ᠭᠡᠵᠡᠢ᠃ | ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠬᠤ ᠳᠤ ᠬᠤᠳᠠ ᠬᠥᠳᠡᠭᠡ ᠶᠢᠨ ᠰᠠᠭᠠᠳ | ᠦᠭᠡᠢ ᠭᠦᠢᠯᠭᠡᠭᠡᠨ ᠤ ᠲᠣᠭᠲᠠᠯᠴᠠᠭ᠎ᠠ ᠠᠴᠠ ᠰᠠᠯᠵᠤ ᠴᠢᠳᠠᠬᠤ ᠦᠭᠡᠢ ᠶᠤᠮ᠃ ︽ᠬᠤᠲᠠ ᠬᠥᠳᠡᠭᠡ ᠶᠢ ᠨᠠᠪᠲᠠᠷᠡᠭᠦᠯᠵᠦ᠂ | ᠭᠦᠢᠯᠭᠡᠭᠡ ᠶᠢ ᠬᠥᠭᠵᠢᠶᠡᠨᠲᠡᠢ ᠪᠣᠯᠭᠠᠬᠤ ᠪᠣᠯ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠭᠤᠣᠯ ᠠᠵᠢᠯ ᠮᠥᠨ᠂ ᠪᠥᠬᠦ | ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠲᠦᠷᠭᠡᠨ ᠠᠭᠤᠰᠤᠯᠴᠠᠬᠤ ᠪᠠ | ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠣᠯ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠴᠢᠨᠠᠷ ᠰᠠᠶᠢᠲᠠᠢ | ᠬᠥᠭᠵᠢᠯᠲᠡ ᠶᠢᠨ ᠰᠡᠳᠦᠪ ᠲᠠᠬᠢ ᠪᠠᠶᠢᠪᠠᠰᠤ ᠵᠣᠬᠢᠬᠤ ᠠᠭᠤᠯᠭ᠎ᠠ ᠮᠥᠨ᠃︾ ᠭᠡᠵᠦ ᠳᠤᠮᠳᠠᠳᠤ ᠶᠢᠨ ᠪᠦᠬᠦ ᠤᠯᠤᠰ ᠤᠨ | ᠬᠠᠩᠭᠠᠨ ᠪᠣᠷᠣᠯᠠᠭᠤᠯᠬᠤ ᠶᠡᠷᠦᠩᠬᠡᠢ ᠬᠤᠷᠰᠢᠶ᠎ᠠ ᠶᠢᠨ ᠠᠵᠤ ᠠᠬᠤᠢ ᠶᠢᠨ ᠬᠥᠭᠵᠢᠯᠲᠡ ᠪᠠ ᠥᠭᠡᠷᠡᠴᠢᠯᠡᠯᠲᠡ ᠶᠢᠨ | ᠬᠡᠯᠲᠡᠰ ᠤᠨ ᠳᠠᠷᠤᠭ᠎ᠠ ᠮᠠ ᠵᠢᠢ ᠬᠤᠩ ᠬᠡᠯᠡᠪᠡ᠃ | ᠲᠠᠷᠠᠭᠠᠴᠢ ᠶᠢᠨ ᠠᠯᠬᠤᠮ ᠳᠤ᠂ ᠪᠥᠬᠦ ᠰᠢᠰᠲ᠋ᠧᠮ ᠢᠶᠠᠷ ᠢᠶᠠᠨ ︽ᠵᠢᠷᠭᠤᠭᠠᠨ ᠬᠥᠨᠳᠡᠯᠡᠨ ᠲᠤᠯᠤᠭᠠᠨ ᠭᠤᠯᠳᠤ | ᠬᠤᠶᠠᠷ ᠬᠥᠪᠡᠭᠡ︾ ᠶᠢᠨ ᠪᠥᠬᠦ ᠤᠯᠤᠰ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠭᠦᠢᠯᠭᠡᠭᠡᠨ ᠤ | ᠬᠤᠩᠭᠢᠯ ᠳᠤ ᠲᠦᠰᠢᠭᠯᠡᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠭᠦᠢᠯᠭᠡᠭᠡᠨ ᠤ ᠲᠣᠣᠷ | ᠰᠦᠯᠵᠢᠶᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠰᠠᠶᠢᠲᠤᠷ ᠬᠢᠨ᠎ᠡ︔ ᠲᠠᠷᠢᠶᠠᠯᠠᠩ ᠤᠨ ᠪᠦᠲᠦᠭᠡᠭᠳᠡᠬᠦᠨ ᠤ | ᠤᠳᠤ ᠦᠶ᠎ᠡ ᠶᠢᠨ ᠭᠦᠢᠯᠭᠡᠭᠡᠨ ᠤ ᠲᠣᠣᠷ ᠰᠦᠯᠵᠢᠶᠡᠨ ᠤ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠰᠢᠶᠠᠨ | ᠰᠢᠶᠠᠩ ᠲᠣᠰᠬᠤᠨ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠶᠢ | ᠪᠦᠷᠢᠨᠰᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠪᠣᠳᠠᠰ ᠤᠨ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠬᠢᠷᠢ | ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ︔ ᠲᠠᠷᠢᠶᠠᠯᠠᠩ ᠲᠤᠰᠠᠯᠠᠬᠤ ᠠᠵᠤ ᠠᠬᠤᠢ ᠶᠢᠨ | ᠪᠦᠲᠦᠭᠡᠭᠳᠡᠬᠦᠨ ᠢ ᠳᠠᠶᠢᠴᠢᠯᠠᠨ ᠠᠭᠤᠯᠠᠨ ᠭᠠᠵᠠᠷ ᠠᠴᠠ ᠭᠠᠷᠭᠠᠵᠤ᠂ ᠵᠠᠬ᠎ᠠ ᠳᠡᠯᠭᠡᠭᠦᠷ ᠲᠤ ᠭᠠᠷᠭᠠᠨ᠎ᠠ᠃ | | |