ᠢᠨᠢᠶᠡᠬᠦ ᠨᠢ ᠡᠷᠡᠭᠦᠯ ᠮᠡᠨᠳᠦ ᠳᠤ ᠲᠠᠪᠤᠨ ᠰᠠᠶᠢᠨ ᠲᠠᠯ᠎ᠠ ᠲᠠᠢ
ᠨᠡᠶᠢᠲᠡᠯᠡᠭᠰᠡᠨ ᠴᠠᠭ᠄
2025/5/27
        1 . ᠴᠢᠰᠤᠨ ᠳᠠᠷᠤᠯᠲᠠ ᠶᠢ ᠪᠠᠭᠤᠷᠠᠭᠤᠯᠵᠤ᠂ ᠵᠢᠷᠦᠬᠡ ᠲᠠᠷᠢᠬᠢ ᠶᠢ ᠬᠠᠮᠠᠭᠠᠯᠠᠳᠠᠭ᠃ ᠶᠠᠫᠣᠨ ᠤ ᠰᠤᠳᠤᠯᠭᠠᠳᠡᠳ ᠣᠯᠵᠤ ᠮᠡᠳᠡᠭᠰᠡᠨ ᠨᠢ᠂ ᠲᠣᠷᠰᠢᠯᠳᠠ  ᠳᠤ ᠣᠷᠣᠯᠴᠠᠭᠰᠠᠳ ᠢᠨᠢᠶᠡᠳᠤᠮ ᠲᠠᠢ ᠲᠦᠷᠣᠯ ᠤᠨ ᠶᠡᠷᠦᠩᠬᠡᠶᠢᠯᠡᠭᠰᠡᠨ ᠤᠷᠠᠯᠢᠭ ᠤᠨ ᠲᠤᠭᠯᠠᠯᠲᠠ ᠦᠵᠡᠬᠦ ᠦᠶ᠎ᠡ ᠳᠤ᠂ ᠪᠡᠶ᠎ᠡ ᠶᠢᠨ ᠳᠣᠲᠣᠭᠠᠳᠤ  ᠡᠷᠬᠡᠲᠡᠨ ᠤ ᠴᠢᠰᠤᠨ ᠤ ᠤᠷᠤᠰᠴᠠ ᠲᠦᠷᠭᠡᠰᠴᠤ᠂ ᠴᠢᠰᠤᠨ ᠤ ᠡᠷᠭᠢᠯᠲᠡ ᠰᠠᠶᠢᠵᠢᠷᠠᠨ᠎ᠠ᠃ ᠡᠭᠦᠨ ᠠᠴᠠ ᠭᠠᠳᠠᠨ᠎ᠠ᠂ ᠬᠥᠮᠦᠰ ᠢ ᠡᠯᠢᠭᠡ ᠬᠦᠰᠢᠳᠡᠯ᠎ᠠ ᠢᠨᠢᠶᠡᠯᠭᠡᠬᠦ ᠱᠤᠭ ᠵᠦᠴᠦᠭᠡ ᠶᠢᠨ ᠺᠢᠨᠣ᠋ ᠨᠢ 24 ᠴᠠᠭ ᠤᠨ ᠳᠣᠲᠣᠷ᠎ᠠ ᠦᠵᠡᠭᠴᠢᠳ  ᠲᠤ ᠴᠢᠰᠤᠨ ᠰᠤᠳᠠᠯ ᠢ ᠲᠡᠯᠡᠬᠦᠯᠬᠦ᠂ ᠲᠠᠷᠢᠬᠢᠨ ᠤ  ᠴᠢᠰᠤᠨ ᠤ ᠬᠠᠩᠭᠠᠯᠳᠠ ᠶᠢ ᠰᠠᠶᠢᠵᠢᠷᠠᠭᠤᠯᠬᠤ᠂ ᠴᠢᠰᠤᠨ ᠳᠠᠷᠤᠯᠲᠠ ᠶᠢ ᠪᠠᠭᠤᠷᠠᠭᠤᠯᠬᠤ ᠦᠢᠯᠡᠳᠦᠯ  ᠦᠵᠡᠭᠦᠯᠳᠡᠭ ᠪᠣᠯᠬᠤᠷ ︽ᠲᠦᠷᠦᠯᠬᠢ ᠴᠢᠰᠤᠨ ᠳᠠᠷᠤᠯᠲᠠ ᠶᠢ ᠪᠠᠭᠤᠷᠠᠭᠤᠯᠬᠤ ᠡᠮ︾ ᠭᠡᠵᠦ ᠬᠡᠯᠡᠵᠦ ᠪᠣᠯᠤᠨ᠎ᠠ᠃ ᠲᠡᠷᠢᠭᠦᠨ ᠰᠤᠳᠤᠯᠤᠭᠴᠢ ᠵᠢᠶᠠᠨ ᠶᠤᠸᠠᠨ ᠴᠦᠨ᠄ ︽ᠢᠨᠢᠶᠡᠬᠦ ᠵᠠᠰᠠᠯ ᠨᠢ ᠡᠮ ᠪᠤᠶᠤ ᠮᠡᠰᠡ ᠵᠠᠰᠠᠯ ᠢᠶᠠᠷ ᠵᠢᠷᠦᠬᠡᠨ ᠡᠪᠡᠳᠴᠢᠨ ᠢ ᠡᠮᠨᠡᠬᠦ ᠶᠢ ᠤᠷᠣᠯᠠᠵᠣ ᠲᠡᠶᠢᠯᠬᠦ ᠦᠭᠡᠢ ᠪᠠᠶᠢᠵᠤ  ᠮᠡᠳᠡᠨ᠎ᠡ᠂ ᠭᠡᠪᠡᠴᠦ ᠲᠡᠷᠡ ᠨᠢ ᠦᠨᠡᠬᠡᠷ ᠲᠤᠶᠢᠯ ᠤᠨ ᠢᠳᠡᠪᠬᠢᠲᠡᠶ ᠲᠤᠰᠠᠯᠠᠮᠵᠢ ᠦᠵᠡᠭᠦᠯᠬᠦ ᠦᠢᠯᠡᠳᠦᠯ ᠲᠠᠢ ᠶᠤᠮ᠃︾ ᠭᠡᠵᠡᠢ᠃            2 . ᠲᠠᠷᠣᠭᠠᠰᠣ ᠶᠢ ᠠᠷᠢᠯᠭᠠᠨ᠂ ᠭᠠᠩᠰᠠᠷᠠᠬᠤ ᠶᠢ  ᠡᠮᠨᠡᠨ ᠵᠠᠰᠠᠳᠠᠭ᠃  ᠢᠨᠢᠶᠡᠬᠦ ᠨᠢ ᠮᠠᠬᠠᠪᠣᠳ ᠤᠨ ᠡᠷᠡᠭᠦᠯ ᠮᠡᠨᠳᠦ ᠳᠤ ᠦᠢᠯᠡᠳᠦᠯ ᠦᠵᠡᠭᠦᠯᠬᠦ ᠶᠢᠨ ᠬᠠᠮᠲᠤ ᠪᠠᠰᠠ ᠰᠡᠳᠬᠢᠴᠡ ᠶᠢᠨ ᠲᠤᠰᠬᠠᠯ ᠢ ᠡᠭᠦᠰᠭᠡᠳᠡᠭ᠂ ᠡᠨᠡ ᠨᠢ ᠳᠠᠷᠤᠶ ᠬᠥᠮᠦᠰ ᠴᠢᠨᠡᠭᠡ ᠪᠠᠷ ᠢᠶᠠᠨ ᠪᠠᠶᠠᠰᠣᠨ ᠢᠨᠢᠶᠡᠭᠰᠡᠨ ᠤ ᠳᠠᠷᠠᠭ᠎ᠠ ᠰᠡᠳᠬᠢᠯ ᠠᠭᠤᠵᠢᠷᠠᠨ ᠲᠠᠭᠠᠯᠠᠮᠵᠢᠲᠠᠶ ᠰᠠᠨᠠᠭᠳᠠᠳᠠᠭ ᠤᠨ ᠤᠴᠢᠷ ᠶᠤᠮ᠃ ᠰᠢᠨᠵᠢᠯᠡᠬᠦ ᠤᠬᠠᠭᠠᠨᠲᠠᠳ ᠨᠢᠭᠡ ᠵᠦᠢᠯ ᠤᠨ ᠰᠢᠨ᠎ᠡ ᠰᠤᠳᠤᠯᠭᠠ ᠠᠴᠠ᠂ ᠬᠦᠮᠣᠰ ᠨᠢᠭᠡ ᠤᠳᠠᠭ᠎ᠠ  ᠠᠭᠤᠵᠢᠷᠠᠲᠠᠯ᠎ᠠ ᠢᠨᠢᠶᠡᠪᠡᠯ ᠬᠥᠮᠦᠨ ᠤ ᠪᠡᠶ᠎ᠡ ᠳᠣᠲᠣᠷᠠᠬᠢ ᠬᠦᠷᠦᠰᠦᠮᠡᠭ ᠤᠨ ᠠᠯᠺᠣᠣᠯ᠂ ᠪᠥᠭᠡᠷ᠎ᠡ ᠶᠢᠨ ᠪᠤᠯᠴᠢᠷᠬᠠᠶ ᠶᠢᠨ ᠡᠳ᠋ ᠪᠠ ᠳ᠋ᠦᠸ᠋ᠪᠠᠺᠧ ᠵᠡᠷᠭᠡ ᠭᠤᠷᠪᠠᠨ ᠵᠦᠢᠯ ᠤᠨ ᠳᠠᠷᠤᠯᠲᠠ ᠶᠢᠨ ᠬᠤᠷᠮᠣᠨ ᠤ ᠲᠦᠪᠰᠢᠨ ᠢ ᠲᠤᠰ ᠲᠤᠰ 39 %᠂ 70 % ᠪᠠ 38 % ᠪᠠᠷ ᠪᠠᠭᠤᠷᠠᠭᠤᠯᠬᠤ ᠶᠢ ᠣᠯᠵᠤ  ᠮᠡᠳᠡᠵᠡᠢ᠃ ᠰᠤᠳᠤᠯᠭᠠᠳᠡᠳ ᠢᠯᠡᠷᠬᠡᠶᠢᠯᠡᠬᠦ ᠳᠡᠭᠡᠨ᠂ ᠡᠳᠡᠭᠡᠷ ᠦᠵᠡᠬᠦ ᠳᠤ ᠣᠬᠤᠷᠬᠠᠨ ᠬᠤᠭᠤᠴᠠᠭᠠᠨ ᠤ ᠰᠡᠳᠬᠢᠴᠡ ᠶᠢ ᠨᠥᠯᠥᠭᠡᠯᠡᠬᠦ ᠬᠦᠴᠦᠨ ᠵᠦᠶᠯ ᠨᠢ ᠡᠴᠤᠰ ᠲᠡᠭᠡᠨ ᠰᠡᠳᠬᠢᠴᠡ ᠶᠢᠨ  ᠡᠪᠡᠳᠴᠢᠨ ᠢ ᠵᠠᠰᠠᠬᠤ ᠦᠶᠯᠡᠳᠦᠯ ᠭᠠᠷᠭᠠᠵᠤ ᠮᠡᠳᠡᠨ᠎ᠡ᠃ ᠣᠳᠣᠬᠠᠨ ᠳᠤ ᠲᠡᠳᠡ ᠨᠢᠭᠡᠨᠲᠡ ᠢᠨᠢᠶᠡᠬᠦ ᠵᠠᠰᠠᠯ ᠢ ᠲᠠᠷᠣᠭᠠᠰᠣ ᠶᠢ ᠬᠦᠩᠬᠡᠯᠡᠬᠦ ᠪᠠᠭᠠᠵᠢ ᠪᠣᠯᠭᠠᠵᠣ᠂ ᠪᠣᠬᠢᠨᠢᠳᠣᠬᠤ ᠡᠪᠡᠳᠴᠢᠨ ᠪᠠ  ᠭᠠᠩᠰᠠᠷᠠᠬᠤ ᠡᠪᠡᠳᠴᠢᠨ ᠲᠠᠢ ᠡᠪᠡᠳᠴᠢᠲᠡᠨ ᠳᠤ ᠥᠷᠭᠡᠨ ᠢᠶᠠᠷ ᠬᠡᠷᠡᠭᠯᠡᠬᠦ ᠪᠠᠷ ᠪᠡᠯᠡᠳᠬᠡᠵᠦ ᠪᠠᠶᠢᠨ᠎ᠠ᠃           3 . ᠥᠯᠥ ᠬᠠᠯᠳᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠧᠷᠢᠺᠠ ᠶᠢᠨ  ᠡᠷᠳᠡᠮᠲᠡᠨ ᠯᠢᠪᠥᠸᠧᠺᠧ ᠳ᠋ᠣᠺᠲ᠋ᠣᠷ ᠢᠨᠢᠶᠡᠬᠦ ᠨᠢ ᠬᠥᠮᠦᠨ ᠤ ᠪᠡᠶ᠎ᠡ ᠶᠢᠨ ᠦᠷᠪᠢᠰᠦᠯ ‍ᠤᠨ‌‍ᠬᠡᠮᠵᠢᠶ᠎ᠡ ᠶᠢ ᠲᠣᠷᠣᠭᠰᠢᠯᠠᠭᠤᠯᠬᠤ ᠶᠢᠨ ᠬᠠᠮᠲᠤ᠂ ᠯᠢᠮᠪᠠ  ᠶᠢᠨ ᠡᠰ ᠤᠨ ᠢᠳᠡᠪᠬᠢ ᠴᠢᠨᠠᠷ ᠢ  ᠳᠡᠭᠡᠭᠰᠢᠯᠡᠭᠦᠯᠳᠡᠭ ᠢ ᠰᠤᠳᠤᠯᠤᠨ ᠢᠯᠡᠷᠡᠭᠦᠯᠪᠡ᠃ ᠡᠶᠢᠮᠦ ᠠᠴᠠ ᠢᠨᠢᠶᠡᠬᠦ ᠨᠢ ᠪᠡᠶ᠎ᠡ  ᠮᠠᠬᠠᠪᠣᠳ ᠤᠨ ᠵᠣᠬᠢᠴᠠᠭᠠᠣᠯᠬᠤ ᠰᠢᠰᠲ᠋ᠧᠮ ᠤᠨ ᠴᠢᠳᠠᠮᠵᠢ ᠶᠢ ᠨᠡᠮᠡᠭᠳᠡᠭᠦᠯᠵᠦ᠂ ᠪᠡᠶ᠎ᠡ  ᠮᠠᠬᠠᠪᠣᠳ ᠢ ᠡᠪᠡᠳᠴᠢᠨ ᠡᠮᠭᠡᠭ ᠠᠴᠠ ᠬᠠᠮᠠᠭᠠᠯᠠᠬᠤ ᠪᠣᠯᠤᠨ᠎ᠠ᠃ ᠯᠢ ᠳ᠋ᠣᠺᠲ᠋ᠣᠷ ᠢᠨᠢᠶᠡᠬᠦ ᠶᠢ ᠢᠳᠡᠭᠡᠨ ᠤᠮᠳᠠᠭᠠᠨ ᠢ ᠲᠡᠩᠴᠡᠭᠦᠯᠬᠦ᠂ ᠢᠳᠡᠪᠬᠢᠲᠡᠢ ᠳᠠᠪᠲᠠᠨ ᠪᠣᠯᠪᠠᠰᠤᠷᠠᠬᠤ ᠪᠠ ᠲᠠᠪᠠᠳᠠᠢ ᠰᠠᠶᠢᠬᠠᠨ ᠣᠨᠳᠠᠬᠤ ᠲᠠᠢ ᠠᠳᠠᠯᠢ ᠴᠢᠬᠤᠯᠠᠴᠢᠯᠠᠵᠦ᠂ ᠲᠡᠭᠦᠨ ᠢ ᠤᠯᠠᠮᠵᠢᠯᠠᠯᠲᠤ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠳᠤ ᠣᠷᠣᠭᠤᠯᠪᠠ᠃            4 . ᠡᠪᠡᠳᠬᠦ ᠶᠢ ᠨᠠᠮᠳᠠᠭᠤᠯᠳᠠᠭ᠃ ᠰᠤᠳᠤᠯᠭᠠᠳᠡᠳ ᠠᠯᠢ ᠣᠯᠠᠨ ᠲᠣᠷᠰᠢᠯᠳᠠ ᠪᠠᠷ ᠳᠠᠮᠵᠢᠨ ᠣᠯᠵᠤ ᠮᠡᠳᠡᠭᠰᠡᠨ ᠨᠢ᠂ ᠲᠣᠷᠰᠢᠯᠳᠠ ᠳᠤ ᠣᠷᠣᠯᠴᠠᠭᠰᠠᠳ ᠨᠢ ᠨᠢᠭᠡ ᠪᠦᠯᠦᠭ ᠬᠥᠮᠦᠰ ᠲᠠᠢ ᠬᠠᠮᠲᠤ ᠶᠡᠭᠡ ᠪᠠᠷ ᠢᠨᠢᠶᠡᠬᠦ ᠦᠶᠡᠰ᠂ ᠲᠡᠳᠡᠨ ᠤ ᠡᠪᠡᠳᠬᠦ ᠶᠢ ᠲᠡᠰᠪᠤᠷᠢᠯᠡᠬᠦ ᠬᠡᠮᠵᠢᠶ᠎ᠡ ᠨᠢ ᠢᠯᠡᠳᠲᠡ ᠳᠡᠭᠡᠭᠰᠢᠯᠡᠪᠡ᠃ ᠳᠠᠷᠠᠭ᠎ᠠ ᠨᠢ᠂ ᠶᠠᠷᠢᠶᠠᠨ ᠤ ᠰᠡᠳᠦᠪ ᠨᠢ ᠲᠡᠶᠢᠮᠦ ᠢᠨᠢᠶᠡᠳᠦᠮ ᠲᠠᠢ ᠶᠠᠪᠤᠳᠠᠯ ᠪᠢᠰᠢ ᠪᠣᠯᠬᠤ ᠦᠶ᠎ᠡ  ᠳᠤ᠂ ᠲᠣᠷᠰᠢᠯᠳᠠ ᠳᠤ ᠣᠷᠣᠯᠴᠠᠭᠰᠠᠳ ᠤᠨ ᠡᠪᠡᠳᠬᠦ ᠶᠢ  ᠲᠠᠰᠪᠤᠷᠢᠯᠡᠬᠦ ᠴᠢᠳᠠᠪᠤᠷᠢ ᠨᠢ ᠲᠤᠷᠤᠭᠰᠢᠯᠠᠵᠠᠢ᠃ ᠲᠤᠰᠬᠠᠶ ᠮᠡᠷᠭᠡᠵᠢᠯᠲᠡᠨ ᠢᠯᠡᠷᠬᠡᠶᠢᠯᠡᠬᠦ ᠳᠡᠭᠡᠨ᠂ ᠢᠨᠢᠶᠡᠪᠡᠯ ᠡᠪᠡᠳᠬᠦ  ᠳᠠᠷᠤᠭᠳᠠᠳᠠᠭ ᠤᠨ ᠤᠴᠢᠷ ᠨᠢ ᠪᠠᠷᠤᠭ ᠪᠡᠶ᠎ᠡ ᠮᠠᠬᠠᠪᠣᠳ ᠨᠢ ᠲᠡᠭᠦᠨ ᠢ ᠳᠠᠭᠠᠯᠳᠤᠨ ᠲᠤᠲᠤᠭᠠᠳᠤ ᠲᠠᠶᠢᠪᠤᠰᠢᠷᠠᠯ ᠢ ᠪᠤᠢ ᠪᠤᠯᠭᠠᠭᠰᠠᠨ ᠠᠴᠠ ᠪᠣᠯᠤᠭᠰᠠᠨ ᠪᠠᠶᠢᠵᠤ ᠮᠡᠳᠡᠨ᠎ᠡ ᠭᠡᠵᠡᠶ᠃ ᠡᠨᠡ ᠪᠣᠯ ᠨᠢᠭᠡ ᠵᠦᠢᠯ ᠤᠨ ᠲᠦᠷᠦᠯᠬᠢ ᠡᠪᠡᠳᠬᠦ ᠶᠢ ᠵᠣᠭᠰᠣᠭᠠᠬᠤ ᠡᠮ ᠮᠥᠨ᠂ ᠡᠨᠡ ᠨᠢ ᠪᠢᠳᠡᠨ ᠤ ᠡᠪᠡᠳᠬᠦ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠦᠭᠰᠡᠨ ᠪᠠᠶᠢᠨ᠎ᠠ᠃             5. ᠬᠦᠮᠣᠨ ᠤ ᠪᠡᠶ᠎ᠡ ᠶᠢᠨ ᠢᠯᠴᠢ ᠶᠢᠨ ᠬᠡᠮᠵᠢᠶ᠎ᠡ ᠶᠢ ᠳᠡᠭᠡᠭᠰᠢᠯᠡᠭᠦᠯᠳᠡᠭ᠃  ᠠᠮᠧᠷᠢᠺᠠ ᠶᠢᠨ ᠰᠤᠳᠤᠯᠭᠠᠳᠡᠳ ᠢᠯᠡᠷᠬᠡᠶᠢᠯᠡᠬᠦ ᠳᠡᠭᠡᠨ᠂ ᠬᠡᠳᠦ᠋ᠢᠪᠡᠷ ᠢᠨᠢᠶᠡᠵᠦ ᠨᠢ  ᠬᠥᠳᠡᠯᠭᠡᠭᠡᠨ ᠤ ᠪᠣᠯᠪᠠᠰᠤᠷᠠᠯ ᠢ ᠣᠷᠣᠯᠠᠵᠤ ᠲᠡᠶᠢᠯᠬᠦ ᠥᠬᠡᠶ ᠪᠣᠯᠪᠠᠴᠤ ᠢᠨᠢᠶᠡᠬᠦ ᠳᠠᠭᠤᠨ ᠨᠢ 10 ~ 15 ᠮᠢᠨᠦ᠋ᠲ ᠦᠷᠬᠦᠯᠵᠢᠯᠡᠪᠡᠯ 40 ᠺᠠᠯᠦᠸᠧᠯᠢ ᠬᠦᠷᠬᠦ ᠢᠯᠴᠢ ᠭᠠᠷᠭᠠᠵᠦ ᠴᠢᠳᠠᠨ᠎ᠠ ᠭᠡᠵᠡᠶ᠃ ᠡᠭᠦᠨ ᠢᠶᠠᠷ ᠪᠠᠷᠠᠬᠤ ᠦᠭᠡᠢ᠂ ᠶᠡᠭᠡ ᠪᠠᠷ ᠢᠨᠢᠶᠡᠬᠦ ᠨᠢ ᠪᠠᠰᠠ ᠬᠡᠪᠡᠯᠢ ᠂  ᠮᠥᠷᠥ᠂ ᠪᠤᠯᠴᠢᠩ ᠵᠡᠷᠭᠡ ᠪᠡᠶ᠎ᠡ ᠶᠢᠨ ᠡᠷᠬᠡᠲᠡᠨ ᠢ ᠳᠠᠪᠲᠠᠨ ᠪᠤᠯᠪᠠᠰᠤᠷᠠᠭᠤᠯᠵᠦ ᠴᠢᠳᠠᠳᠠᠭ᠃    
 
ᠢᠷᠡᠯᠲᠡ᠄ ᠬᠤᠯᠪᠤᠭ᠎ᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号