ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 25 ᠤ ᠴᠠᠭᠢᠯᠭᠠᠨ ᠮᠡᠳᠡᠭᠡ 5 ᠰᠠᠷ᠎ᠠ ᠶᠢᠨ 25 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠠᠷᠠᠭᠤᠨ ᠣᠷᠣᠨ ᠤ | ᠤᠯᠠᠨ ᠤᠯᠤᠰ ᠤᠨ ᠦᠵᠡᠰᠭᠦᠯᠡᠩ ᠤᠨ ᠴᠤᠭᠯᠠᠭᠠᠨ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠲᠣᠰ ᠬᠤᠭᠤᠴᠠᠭᠠᠨ ᠤ ᠪᠠᠷᠠᠭᠤᠨ ᠣᠷᠣᠨ ᠤ ᠦᠵᠡᠰᠭᠦᠯᠡᠩ ᠤᠨ ᠴᠤᠭᠯᠠᠭᠠᠨ ᠨᠢ ᠥᠨᠳᠥᠷ | ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠪᠦᠰᠡ ᠶᠢᠨ | ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠶᠢ ᠳᠡᠮᠵᠢᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ︽ᠨᠢᠭᠡ ᠪᠦᠰᠡ ᠨᠢᠭᠡ | ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠳᠤ ᠴᠢᠬᠤᠯᠠ ᠠᠬᠢᠭᠤᠯᠬᠤ ᠦᠢᠯᠡᠳᠦᠯ ᠲᠠᠢ ᠪᠥᠭᠡᠳ | ᠳᠡᠯᠡᠬᠡᠢ ᠶᠢᠨ ᠡᠯ᠎ᠡ ᠤᠯᠤᠰ ᠤᠨ ᠳᠤᠮᠳᠠᠳᠤ ᠤᠯᠤᠰ ᠤᠨ ᠪᠠᠷᠠᠭᠤᠨ ᠣᠷᠣᠨ ᠤ ᠬᠥᠭᠵᠢᠯᠲᠡ ᠶᠢᠨ ᠠᠵᠠ ᠲᠣᠭᠢᠶᠠᠯ ᠢ | ᠬᠠᠮᠲᠤ ᠪᠠᠷ ᠡᠳ᠋ᠯᠡᠬᠦ ᠳᠤ ᠪᠦᠲᠦᠮᠵᠢᠲᠡᠶ ᠲᠠᠪᠴᠠᠩ ᠬᠠᠩᠭᠠᠭᠰᠠᠨ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠪᠦᠯᠬᠦᠮᠳᠡᠪᠡᠯ ᠰᠠᠶ᠋ᠢ ᠬᠠᠮᠲᠤ ᠪᠠᠷ ᠠᠰᠢᠭ ᠬᠦᠷᠲᠡᠵᠦ᠂ ᠭᠠᠷ ᠬᠤᠯᠪᠣᠯᠴᠠᠪᠠᠯ ᠰᠠᠶ᠋ᠢ ᠬᠠᠮᠲᠤ ᠪᠠᠷ | ᠤᠷᠤᠭᠰᠢᠯᠠᠵᠤ ᠴᠢᠳᠠᠨ᠎ᠠ᠃ ᠪᠢᠳᠡ ᠳᠤᠷᠠᠲᠠᠶ᠎ᠠ ᠡᠨᠡ ᠤᠳᠠᠭ᠎ᠠ ᠶᠢᠨ ᠦᠵᠡᠰᠭᠦᠯᠡᠩ ᠤᠨ ᠴᠤᠭᠯᠠᠭᠠᠨ ᠢᠶᠠᠷ ᠠᠵᠠ ᠲᠣᠭᠢᠶᠠᠯ | ᠪᠤᠯᠭᠠᠵᠤ᠂ ᠡᠯ᠎ᠡ ᠤᠯᠤᠰ ᠤᠨ ᠨᠠᠶᠢᠵᠠ ᠨᠠᠷ ᠲᠠᠢ ᠤᠯᠠᠮ ᠨᠢᠭᠡ ᠠᠯᠬᠤᠮ ᠣᠶᠢᠯᠠᠭᠠᠯᠴᠠᠭ᠎ᠠ ᠪᠠᠨ ᠭᠦᠨᠵᠡᠭᠡᠶᠢᠷᠡᠭᠦᠯᠵᠦ᠂ | ᠨᠥᠬᠦᠷᠯᠡᠯ ᠢᠶᠠᠨ ᠵᠤᠵᠠᠭᠠᠳᠬᠠᠨ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ | ᠪᠣᠯᠣᠨ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ | ᠰᠠᠭᠠᠳ ᠦᠭᠡᠢ ᠨᠡᠪᠲᠡᠷᠡᠬᠦ ᠶᠢ ᠬᠠᠮᠲᠤ ᠪᠠᠷ ᠬᠠᠮᠠᠭᠠᠯᠠᠵᠤ᠂ ᠳᠡᠯᠡᠬᠡᠢ ᠶᠢᠨ ᠠᠵᠤ ᠠᠬᠤᠢ ᠶᠢᠨ ᠬᠥᠭᠵᠢᠯ ᠴᠡᠴᠡᠭᠯᠡᠯ ᠢ | ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ ᠭᠡᠵᠦ ᠴᠢᠬᠤᠯᠠᠴᠢᠯᠠᠪᠠ᠃ | ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠠᠷᠠᠭᠤᠨ ᠣᠷᠣᠨ ᠤ ᠤᠯᠠᠨ ᠤᠯᠤᠰ ᠤᠨ ᠦᠵᠡᠰᠭᠦᠯᠡᠩ ᠤᠨ | ᠴᠤᠭᠯᠠᠭᠠᠨ ᠲᠤᠰ ᠡᠳᠦᠷ ᠰᠧᠴᠦᠸᠠᠨ ᠮᠤᠵᠢ ᠶᠢᠨ ᠴᠧᠩᠳᠦ᠋ ᠬᠤᠳᠠ ᠳᠤ ᠡᠬᠢᠯᠡᠪᠡ᠂ ︽ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠬᠥᠳᠡᠯᠭᠡᠬᠦ ᠴᠢᠳᠠᠪᠤᠷᠢ ᠶᠢ ᠨᠡᠮᠡᠭᠳᠡᠭᠦᠯᠵᠦ ᠨᠡᠭᠡᠭᠡᠯᠲᠡ ᠶᠢ ᠥᠷᠭᠡᠳᠬᠡᠵᠦ ᠬᠥᠭᠵᠢᠯᠲᠡ ᠶᠢ ᠠᠬᠢᠭᠤᠯᠤᠶ᠎ᠠ︾ | ᠭᠡᠬᠦ ᠭᠤᠣᠯ ᠰᠡᠳᠦᠪ ᠲᠠᠢ᠂ ᠰᠧᠴᠦᠸᠠᠨ ᠮᠤᠵᠢ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠤ ᠪᠠᠶᠢᠨ᠎ᠠ᠃ | |