ᠲᠠᠪᠤ ᠲᠠᠪᠤᠨ ᠵᠢᠯ ᠤᠨ ᠦᠷᠭᠦᠯᠵᠢᠯᠡᠯ | ︽ᠢᠲᠡᠭᠡᠯ ᠵᠣᠷᠢᠭ ᠢᠶᠠᠨ ᠪᠠᠲᠤᠳᠬᠠᠵᠤ᠂ ᠥᠪᠡᠷ ᠤᠨ ᠢᠶᠠᠨ ᠠᠵᠢᠯ ᠶᠠᠪᠤᠳᠠᠯ ᠢᠶᠠᠨ ᠭᠤᠶᠢᠪᠢᠰᠢ ᠦᠭᠡᠢ ᠰᠠᠶᠢᠲᠤᠷ ᠬᠢᠬᠦ | ᠬᠡᠷᠡᠭᠲᠡᠢ︾ | 20 ᠤ ᠡᠳᠦᠷ ᠤᠨ ᠦᠳᠡ ᠶᠢᠨ ᠡᠮᠦᠨᠡᠬᠢ ᠾᠧᠨᠠᠨ ᠮᠤᠵᠢ ᠶᠢᠨ ᠨᠠᠮ ᠤᠨ ᠬᠤᠷᠢᠶ᠎ᠠ ᠪᠠ ᠮᠤᠵᠢ ᠶᠢᠨ ᠵᠠᠰᠠᠭ ᠤᠨ | ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠲᠠᠪᠤᠨ ᠵᠢᠯ ᠤᠨ | ᠲᠥᠯᠦᠪᠵᠢᠭᠦᠯᠭᠡ ᠶᠢᠨ ᠲᠤᠬᠠᠢ ᠶᠠᠷᠢᠬᠤ ᠳᠤ ᠪᠠᠨ᠄ ︽ᠡᠨᠡ ᠨᠢ ᠦᠨᠡᠨ ᠳᠤ ᠪᠠᠨ ᠳᠤᠮᠳᠠᠳᠤ ᠤᠯᠤᠰ ᠤᠨ ᠨᠢᠭᠡᠨ ᠣᠨᠴᠠᠯᠢᠭ | ᠶᠤᠮ᠃ ᠪᠢᠳᠡ ᠪᠠᠶᠢᠴᠠᠭᠠᠨ ᠰᠤᠳᠤᠯᠤᠭᠰᠠᠨ ᠤ ᠰᠠᠭᠤᠷᠢᠨ ᠳᠡᠭᠡᠷ᠎ᠡ ᠠᠷᠠᠳ ᠤᠨ ᠰᠠᠨᠠᠭ᠎ᠠ ᠶᠢ ᠭᠦᠢᠴᠡᠳ ᠬᠦᠨᠳᠦᠳᠬᠡᠭᠰᠡᠨ | ᠪᠥᠭᠡᠳ ᠪᠣᠳᠠᠲᠤ ᠪᠠᠶᠢᠳᠠᠯ ᠳᠤ ᠨᠡᠶᠢᠴᠡᠭᠰᠡᠨ ᠪᠦᠬᠦ ᠲᠠᠯ᠎ᠠ ᠶᠢᠨ ᠰᠢᠰᠲ᠋ᠧᠮ ᠲᠠᠢ ᠲᠥᠯᠦᠪᠵᠢᠭᠦᠯᠭᠡ ᠶᠢ ᠳᠤᠷᠠᠳᠤᠭᠰᠠᠨ ᠢᠶᠠᠷ | ᠦᠯᠦ ᠪᠠᠷᠠᠮ ᠮᠠᠰᠢ ᠬᠦᠴᠦᠲᠡᠢ ᠬᠡᠷᠡᠭᠵᠢᠭᠦᠯᠬᠦ ᠬᠦᠴᠦᠨ ᠢᠶᠠᠷ ᠡᠳᠡᠭᠡᠷ ᠲᠥᠯᠦᠪᠵᠢᠭᠦᠯᠭᠡ ᠶᠢ ᠨᠠᠶᠢᠳᠠᠪᠤᠷᠢᠵᠢᠭᠤᠯᠵᠤ ᠪᠠᠶᠢᠨ᠎ᠠ︾ | ᠭᠡᠵᠡᠢ᠃ | ︽ᠨᠠᠮ ᠤᠨ ᠲᠥᠪ ᠬᠤᠷᠢᠶᠠᠨ ᠤ ᠶᠡᠷᠦᠩᠬᠡᠢ ᠵᠢᠯᠣᠭᠤᠳᠤᠯᠭ᠎ᠠ ᠶᠢᠨ ᠶᠡᠭᠡ ᠪᠠᠶᠢᠳᠠᠯ ᠳᠣᠣᠷ᠎ᠠ᠂ ᠡᠯ᠎ᠡ ᠭᠠᠵᠠᠷ ᠣᠷᠣᠨ ᠤ | ᠬᠢᠨ ᠪᠤᠰᠤᠳ ᠢ ᠳᠠᠭᠠᠬᠤ ᠪᠠ ᠳᠥᠭᠦᠮᠬᠡᠨ ᠢᠶᠠᠷ ᠳᠠᠭᠤᠷᠢᠶᠠᠵᠤ ᠪᠣᠯᠬᠤ ᠦᠭᠡᠢ᠂ ᠥᠪᠡᠷ ᠤᠨ ᠢᠶᠠᠨ ᠳᠠᠪᠠᠭᠤᠯᠢᠭ ᠨᠢ ᠬᠠᠮᠢᠭ᠎ᠠ | ᠪᠠᠶᠢᠬᠤ᠂ ᠬᠡᠷᠬᠢᠨ ᠳᠠᠪᠠᠭᠤᠯᠢᠭ ᠢ ᠨᠢ ᠠᠪᠴᠤ ᠳᠤᠲᠠᠭᠳᠠᠯ ᠢᠶᠠᠨ ᠨᠥᠬᠦᠬᠦ᠂ ᠬᠡᠷᠬᠢᠨ ᠰᠠᠶᠢᠨ ᠢᠶᠠᠨ ᠪᠠᠳᠠᠷᠠᠭᠤᠯᠤᠨ | ᠰᠢᠭᠠᠷᠤ ᠪᠠᠨ ᠲᠡᠪᠴᠢᠬᠦ ᠶᠢ ᠪᠣᠳᠣᠬᠤ ᠬᠡᠷᠡᠭᠲᠡᠢ᠃︾ ᠶᠡᠷᠦᠩᠬᠡᠢ ᠱᠦᠵᠢ ᠰᠢ ᠶᠢᠨ ᠫᠢᠩ ᠠᠷᠭ᠎ᠠ ᠶᠢᠨ ᠤᠨᠤᠯ ᠤᠨ ᠲᠤᠬᠠᠢ | ᠢᠩᠭᠢᠵᠦ ᠶᠠᠷᠢᠪᠠ᠃ | ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷᠡᠬᠢ ᠵᠠᠩᠭᠢᠯᠠᠭ᠎ᠠ ᠪᠣᠯᠬᠤ ᠬᠤᠶᠠᠷ ᠪᠠᠳᠠᠭ ᠦᠭᠡᠰ ᠨᠢ ᠪᠦᠬᠦ ᠲᠠᠯ᠎ᠠ ᠶᠢᠨ | ᠪᠠ ᠣᠷᠣᠨ ᠪᠦᠰᠡ ᠶᠢᠨ ᠲᠠᠯ᠎ᠠ ᠪᠠᠷ ᠬᠢ ᠬᠤᠪᠢᠰᠤᠩᠭᠤᠢ ᠡᠵᠡᠮᠳᠡᠯ ᠢ ᠠᠮᠢᠳᠤᠯᠢᠭ ᠢᠶᠠᠷ ᠬᠠᠷᠠᠭᠤᠯᠵᠠᠢ᠃ | ᠵᠠᠩᠭᠢᠯᠠᠭ᠎ᠠ ᠪᠣᠯᠬᠤ ᠨᠢᠭᠡᠳᠦᠭᠡᠷ ᠪᠠᠳᠠᠭ ᠦᠭᠡᠰ ᠨᠢ ᠴᠢᠨᠠᠷ ᠰᠠᠶᠢᠲᠠᠢ ᠬᠥᠭᠵᠢᠯᠲᠡ ᠪᠣᠯᠣᠨ᠎ᠠ᠃ ᠣᠳᠣᠬᠠᠨ ᠤ ᠰᠠᠭᠠᠳ | ᠲᠣᠳᠬᠠᠷ ᠢ ᠠᠷᠢᠯᠭᠠᠬᠤ ᠶᠢ ᠴᠢᠬᠤᠯᠠᠴᠢᠯᠠᠬᠤ ᠪᠠᠷ ᠪᠠᠷᠠᠬᠤ ᠦᠭᠡᠢ ᠪᠠᠰᠠ ᠠᠯᠤᠰ ᠬᠡᠳᠤ ᠶᠢᠨ ᠤᠶᠠᠨ ᠬᠠᠳᠠᠨ ᠴᠢᠨᠠᠷ ᠢᠶᠠᠨ | ᠪᠠᠲᠤᠳᠬᠠᠬᠤ ᠶᠢ ᠠᠩᠬᠠᠷᠬᠤ ᠬᠡᠷᠡᠭᠲᠡᠢ᠃ | ︽ᠡᠨᠡ ᠵᠢᠯ ᠤᠨ ᠪᠤᠭᠤᠳᠠᠢ ᠶᠢᠨ ᠲᠠᠷᠢᠮᠠᠯ ᠤᠨ ᠲᠠᠯᠠᠪᠠᠶ ᠨᠢ ᠨᠡᠮᠡᠭᠳᠡᠭᠰᠡᠨ ᠦᠦ᠂ ᠲᠣᠭᠲᠠᠭᠤᠨ ᠦᠦ᠂ ᠪᠠᠭᠤᠷᠠᠭᠰᠠᠨ ᠦᠦ︖ | ᠡᠨᠡ ᠤᠳᠠᠭ᠎ᠠ ᠶᠢᠨ ᠭᠠᠩ ᠤᠨ ᠪᠠᠶᠢᠳᠠᠯ ᠲᠠ ᠨᠠᠷ ᠤᠨ ᠬᠤᠷᠢᠶᠠᠯᠲᠠ ᠶᠢ ᠨᠥᠯᠥᠭᠡᠯᠡᠭᠰᠡᠨ ᠦᠦ ᠦᠭᠡᠢ ᠦᠦ︖︾ ᠡᠨᠡ ᠨᠢ | ᠳᠤᠮᠳᠠᠳᠤ ᠤᠯᠤᠰ ᠤᠨ ᠪᠤᠳᠠᠭᠠᠨ ᠠᠶᠠᠭ᠎ᠠ ᠶᠢᠨ ᠲᠣᠭᠲᠠᠭᠤᠨ ᠤ ᠲᠤᠬᠠᠢ ᠪᠣᠳᠣᠯᠬᠢᠯᠠᠯ ᠪᠣᠯᠣᠨ᠎ᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢᠶᠠᠨ ᠪᠠᠬᠢᠵᠢᠭᠦᠯᠦᠨ | ᠥᠷᠭᠡᠳᠬᠡᠭᠰᠡᠨ ᠪᠠᠶᠢᠳᠠᠯ ᠤᠨ ᠲᠤᠬᠠᠢ ᠮᠤᠵᠢ ᠶᠢᠨ ᠬᠠᠷᠢᠭᠤ ᠮᠡᠳᠡᠭᠦᠯᠦᠯᠲᠡ ᠶᠢ ᠰᠣᠨᠣᠰᠤᠮᠠᠭᠴᠠ᠄ ︽ᠾᠧᠨᠠᠨ ᠤ ᠲᠤᠬᠠᠢ ᠶᠢᠨ | ᠦᠶ᠎ᠡ ᠳᠠᠬᠢ ᠶᠠᠳᠠᠭᠤ ᠬᠦᠴᠢᠷᠳᠡᠯᠲᠡᠢ ᠬᠥᠮᠥᠨ ᠠᠮᠠ ᠬᠡᠳᠦᠢ ᠪᠠᠶᠢᠭᠰᠠᠨ ᠪᠤᠢ︖︾ ᠭᠡᠵᠦ ᠠᠰᠠᠭᠤᠪᠠ᠃ ᠡᠨᠡ ᠨᠢ | ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠲᠤᠬᠠᠢ ᠨᠠᠷᠢᠨ ᠵᠦᠢᠯᠡᠰ ᠢ ᠠᠩᠬᠠᠷᠴᠤ ᠪᠠᠶᠢᠭ᠎ᠠ ᠶᠠᠪᠤᠳᠠᠯ | ᠪᠣᠯᠣᠨ᠎ᠠ᠃ | ︽ᠠᠮᠢ ᠠᠬᠤᠢ ᠶᠢ ᠬᠠᠮᠠᠭᠠᠯᠠᠬᠤ ᠨᠢ ᠴᠡᠴᠡᠭ ᠤᠨ ᠬᠦᠷᠢᠶᠡᠯᠡᠩ᠂ ᠴᠡᠴᠡᠷᠯᠢᠭ ᠪᠠᠶᠢᠭᠤᠯᠬᠤ ᠶᠢ ᠯᠠ ᠬᠡᠯᠡᠵᠦ ᠪᠠᠶᠢᠬᠤ | ᠪᠢᠰᠢ᠃︾ ᠡᠨᠡ ᠨᠢ ᠦᠨᠡᠨ ᠠᠴᠠ ᠵᠥᠪ ᠢ ᠡᠷᠢᠬᠦ ᠶᠢ ᠰᠤᠷᠲᠠᠯᠴᠢᠯᠠᠭᠰᠠᠨ ᠪᠠᠶᠢᠨ᠎ᠠ᠃ | ︽ᠢᠲᠡᠭᠡᠯ ᠵᠣᠷᠢᠭ ᠢᠶᠠᠨ ᠪᠠᠲᠤᠳᠬᠠᠵᠤ᠂ ᠥᠪᠡᠷ ᠤᠨ ᠢᠶᠠᠨ ᠠᠵᠢᠯ ᠶᠠᠪᠤᠳᠠᠯ ᠢᠶᠠᠨ ᠭᠤᠶᠢᠪᠢᠰᠢ ᠦᠭᠡᠢ ᠰᠠᠶᠢᠲᠤᠷ ᠬᠢᠬᠦ | ᠬᠡᠷᠡᠭᠲᠡᠢ᠃︾ ᠭᠡᠵᠦ ᠶᠡᠷᠦᠩᠬᠡᠢ ᠱᠦᠵᠢ ᠭᠦᠨ ᠰᠡᠳᠬᠢᠯᠭᠡ ᠲᠠᠢ ᠪᠠᠷ ᠬᠡᠯᠡᠪᠡ᠃ ᠴᠢᠨᠠᠷ ᠰᠠᠶᠢᠲᠠᠢ ᠬᠥᠭᠵᠢᠯᠲᠡ ᠶᠢᠨ | ᠲᠣᠭᠲᠠᠭᠠᠯᠲᠤ ᠴᠢᠨᠠᠷ ᠢᠶᠠᠷ ᠡᠯ᠎ᠡ ᠵᠦᠢᠯ ᠤᠨ ᠲᠣᠭᠲᠠᠭᠠᠯᠲᠤ ᠪᠤᠰᠤ ᠴᠢᠨᠠᠷ ᠢ ᠠᠷᠭᠠᠴᠠᠭᠠᠬᠤ ᠪᠣᠯ ᠣᠳᠣᠬᠠᠨ ᠳᠠᠬᠢ ᠰᠠᠭᠠᠳ | ᠣᠯᠠᠨᠲᠠᠢ ᠪᠠᠶᠢᠳᠠᠯ ᠢ ᠪᠦᠲᠦᠮᠵᠢᠲᠡᠢ ᠠᠷᠭᠠᠴᠠᠭᠠᠬᠤ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠣᠯᠣᠨ᠎ᠠ᠂ ᠦᠨᠡᠨ ᠢ ᠬᠡᠯᠡᠪᠡᠯ | ᠣᠷᠣᠨ ᠪᠦᠰᠡ ᠨᠢᠭᠡ ᠪᠦᠷᠢ ᠨᠢ ᠬᠥᠭᠵᠢᠯᠲᠡ ᠶᠢᠨ ᠰᠡᠳᠦᠪ ᠪᠣᠯᠭᠠᠨ ᠢ ᠬᠠᠷᠢᠭᠤᠯᠬᠤ ᠳᠤ ᠪᠠᠨ ᠴᠥᠮ ᠨᠡᠩ ᠪᠣᠳᠠᠲᠠᠢ᠂ ᠨᠡᠩ | ᠬᠢᠨᠠᠮᠠᠭᠠᠢ ᠪᠠᠶᠢᠬᠤ ᠬᠡᠷᠡᠭᠲᠡᠢ᠃ | ᠵᠠᠩᠭᠢᠯᠠᠭ᠎ᠠ ᠪᠣᠯᠬᠤ ᠬᠤᠶᠠᠳᠤᠭᠠᠷ ᠦᠭᠡᠰ ᠨᠢ ᠰᠠᠶᠢᠨ ᠦᠷ᠎ᠡ ᠪᠦᠲᠦᠮᠵᠢ ᠲᠠᠢ ᠵᠠᠰᠠᠯᠲᠠ ᠪᠣᠯᠣᠨ᠎ᠠ᠃ | ︽ᠾᠧᠨᠠᠨ ᠤ ᠬᠥᠮᠥᠨ ᠠᠮᠠ ᠶᠢᠨ ᠶᠡᠷᠦᠩᠬᠡᠢ ᠲᠤᠭ᠎ᠠ᠂ ᠬᠥᠮᠥᠨ ᠠᠮᠠ ᠶᠢᠨ ᠨᠢᠭᠲᠠᠴᠠ᠂ ᠬᠥᠮᠥᠨ ᠠᠮᠠ ᠶᠢᠨ | ᠰᠢᠯᠵᠢᠯᠲᠡ ᠶᠢᠨ ᠬᠡᠮᠵᠢᠶ᠎ᠡ ᠴᠥᠮ ᠨᠡᠯᠢᠶᠡᠳ ᠶᠡᠭᠡ᠂ ᠨᠡᠶᠢᠭᠡᠮ ᠤᠨ ᠠᠰᠠᠭᠤᠳᠠᠯ ᠨᠠᠷᠢᠨ ᠪᠤᠳᠤᠯᠢᠶᠠᠨᠲᠠᠢ ᠪᠥᠭᠡᠳ ᠣᠯᠠᠨ | ᠶᠠᠩᠵᠤ ᠶᠢᠨ ᠪᠠᠶᠢᠳᠠᠭ ᠪᠣᠯᠬᠤᠷ ᠨᠡᠶᠢᠭᠡᠮ ᠤᠨ ᠵᠠᠰᠠᠯᠲᠠ ᠶᠢ ᠡᠷᠬᠡᠪᠰᠢ ᠯᠠᠪᠳᠠᠭᠤᠨ ᠪᠠᠲᠤᠲᠠᠢ ᠪᠠᠷ ᠴᠢᠩᠭᠠᠳᠬᠠᠬᠤ ᠬᠡᠷᠡᠭᠲᠡᠢ᠃︾ | | ᠳᠦᠷᠢᠮ ᠤᠨ ᠳᠠᠪᠠᠭᠤᠯᠢᠭ ᠢ ᠬᠡᠷᠬᠢᠨ ᠵᠠᠰᠠᠯᠲᠠ ᠶᠢᠨ ᠪᠦᠲᠦᠮᠵᠢ ᠪᠣᠯᠭᠠᠨ ᠬᠤᠪᠢᠷᠠᠭᠤᠯᠬᠤ ᠪᠤᠢ︖ ᠦᠨᠳᠦᠰᠦ ᠶᠢ | ᠪᠠᠬᠢᠵᠢᠭᠦᠯᠦᠨ ᠰᠠᠭᠤᠷᠢ ᠶᠢ ᠪᠠᠲᠤᠳᠬᠠᠬᠤ ᠳᠤ ᠠᠩᠬᠠᠷᠤᠯ ᠲᠥᠪᠯᠡᠷᠡᠭᠦᠯᠬᠦ ᠪᠠᠷ᠂ ᠶᠡᠷᠦᠩᠬᠡᠢ ᠱᠦᠵᠢ ᠴᠢᠬᠤᠯᠠᠴᠢᠯᠠᠬᠤ ᠳᠤ ᠪᠠᠨ᠄ | ︽ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠤᠨ ᠵᠠᠰᠠᠯᠲᠠ ᠶᠢᠨ ᠪᠠᠶᠢᠭᠤᠯᠤᠯ | ᠲᠣᠭᠲᠠᠴᠠ ᠶᠢ ᠪᠦᠷᠢᠨᠰᠢᠭᠦᠯᠵᠦ᠂ ᠠᠵᠤ ᠠᠬᠤᠢ ᠶᠢᠨ ᠰᠢᠨ᠎ᠡ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠰᠢᠨ᠎ᠡ ᠵᠣᠬᠢᠶᠠᠨ | ᠪᠠᠶᠢᠭᠤᠯᠤᠯᠲᠠ᠂ ᠰᠢᠨ᠎ᠡ ᠪᠠᠷ ᠠᠵᠢᠯ ᠣᠯᠣᠭᠰᠠᠳ ᠲᠤ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠬᠡᠷᠡᠭᠲᠡᠢ︾ | ᠭᠡᠵᠦ ᠴᠢᠬᠤᠯᠠᠴᠢᠯᠠᠪᠠ᠃ | ᠰᠢᠨ᠎ᠡ ᠴᠠᠭ ᠦᠶ᠎ᠡ ᠳᠠᠬᠢ ︽ᠹᠧᠩᠴᠢᠶᠣᠣ ᠶᠢᠨ ᠲᠤᠷᠰᠢᠯᠭ᠎ᠠ︾ ᠶᠢᠨ ᠠᠮᠢᠵᠢᠷᠠᠯ ᠤᠨ ᠬᠦᠴᠦᠨ ᠢ ᠨᠢ ᠬᠡᠷᠬᠢᠨ | ᠪᠠᠳᠠᠷᠠᠭᠤᠯᠬᠤ ᠪᠤᠢ︖ ︽ᠳᠣᠲᠣᠷ᠎ᠠ ᠪᠠᠨ ᠲᠤᠭ᠎ᠠ ᠲᠠᠢ ᠪᠠᠶᠢᠵᠤ᠂ ᠤᠷᠢᠳ ᠠᠴᠠ ᠪᠡᠯᠡᠳᠬᠡᠯ ᠰᠠᠶᠢᠨ ᠬᠢᠵᠦ᠂ | ᠰᠠᠨᠠᠭᠠᠴᠢᠯᠠᠭ᠎ᠠ ᠠᠴᠠ ᠪᠠᠨ ᠠᠵᠢᠯᠯᠠᠬᠤ ᠬᠡᠷᠡᠭᠲᠡᠢ᠂ ᠬᠠᠷᠢᠨ ᠬᠡᠷᠡᠭ ᠭᠠᠷᠤᠭᠰᠠᠨ ᠤ ᠳᠠᠷᠠᠭ᠎ᠠ ᠰᠠᠶ᠋ᠢ ᠠᠵᠢᠯ ᠢᠶᠠᠨ | ᠴᠢᠩᠭᠠᠳᠬᠠᠬᠤ ᠭᠡᠳ ᠪᠣᠯᠬᠤ ᠦᠭᠡᠢ᠂ ᠭᠠᠯ ᠤᠨᠲᠠᠷᠠᠭᠠᠬᠤ ᠠᠩᠭᠢ ᠶᠢᠨ ᠳᠠᠷᠤᠭ᠎ᠠ ᠪᠣᠯᠣᠭᠠᠳ ᠪᠠᠶᠢᠵᠤ ᠪᠣᠯᠬᠤ ᠦᠭᠡᠢ︾᠂ | ︽ᠬᠡᠯᠪᠡᠷᠢᠴᠢ ᠦᠵᠡᠯ ᠢ ᠦᠨᠡᠨ ᠬᠦ ᠴᠡᠭᠴᠡᠯᠡᠨ ᠵᠠᠰᠠᠭᠠᠳ ᠦᠨᠳᠦᠰᠦᠨ ᠱᠠᠲᠤᠨ ᠤ ᠳᠠᠷᠤᠭᠠᠰᠤ ᠶᠢ ᠨᠢ ᠬᠥᠩᠭᠡᠷᠡᠭᠦᠯᠬᠦ | ᠬᠡᠷᠡᠭᠲᠡᠢ᠂ ᠰᠠᠶᠢᠨ ᠠᠵᠢᠯ ᠶᠠᠪᠤᠳᠠᠯ᠂ ᠦᠵᠡᠮᠦᠷᠢ ᠶᠢᠨ ᠠᠵᠢᠯ ᠶᠠᠪᠤᠳᠠᠯ ᠤᠳ ᠢ ᠬᠢᠭᠡᠳ ᠪᠠᠶᠢᠵᠤ ᠪᠣᠯᠬᠤ ᠦᠭᠡᠢ᠂ ᠪᠡᠷᠬᠡ ᠠᠵᠢᠯ | ᠶᠠᠪᠤᠳᠠᠯ᠂ ᠬᠥᠮᠥᠨ ᠢ ᠭᠤᠮᠣᠳᠠᠭᠠᠬᠤ ᠠᠵᠢᠯ ᠶᠠᠪᠤᠳᠠᠯ ᠤᠳ ᠢᠶᠠᠨ ᠦᠨᠳᠦᠰᠦᠨ ᠱᠠᠲᠤᠨ ᠳᠤ ᠲᠦᠯᠬᠢᠵᠦ ᠪᠣᠯᠬᠤ ᠦᠭᠡᠢ᠃︾ | ᠶᠡᠷᠦᠩᠬᠡᠢ ᠱᠦᠵᠢ ᠶᠢᠨ ᠶᠠᠷᠢᠶ᠎ᠠ ᠨᠢ ᠪᠣᠷᠣᠭᠵᠢᠭᠤᠨ ᠮᠥᠷᠲᠡᠭᠡᠨ ᠭᠦᠨ ᠤᠳᠬ᠎ᠠ ᠰᠠᠨᠠᠭ᠎ᠠ ᠲᠠᠢ᠂ ︽ᠨᠢᠭᠡ ᠳᠤ ᠵᠥᠷᠢᠴᠡᠯ ᠢ | ᠬᠤᠷᠠᠮᠳᠤᠭᠤᠯᠵᠤ ᠪᠣᠯᠬᠤ ᠦᠭᠡᠢ᠂ ᠬᠤᠶᠠᠷ ᠲᠤ ᠲᠡᠳᠡᠭᠡᠷ ᠢ ᠲᠥᠷᠥᠯ ᠠᠩᠭᠢᠯᠠᠨ ᠰᠠᠶᠢᠲᠤᠷ ᠰᠢᠢᠳᠪᠦᠷᠢᠯᠡᠬᠦ ᠬᠡᠷᠡᠭᠲᠡᠢ᠃ | ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠶᠢ ᠪᠠᠷᠢᠮᠲᠠᠯᠠᠨ᠂ ᠵᠥᠷᠢᠴᠡᠯ ᠢ ᠦᠨᠳᠦᠰᠦᠨ ᠱᠠᠲᠤᠨ ᠳᠤ ᠨᠢ | ᠠᠷᠢᠯᠭᠠᠬᠤ ᠬᠡᠷᠡᠭᠲᠡᠢ︾ ᠭᠡᠪᠡ ᠁ |