5 ᠰᠠᠷ᠎ᠠ ᠶᠢᠨ 26 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ | ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠵᠢᠷᠭᠤᠳᠤᠭᠠᠷ | ᠤᠳᠠᠭᠠᠨ ᠤ ᠬᠤᠷᠠᠯ ᠬᠤᠷᠠᠯᠳᠤᠭᠤᠯᠵᠤ᠂ ᠬᠤᠷᠠᠯ ᠳᠤ ᠣᠷᠣᠯᠴᠠᠬᠤ ᠶᠣᠰᠣᠲᠠᠢ 23 ᠪᠦᠷᠢᠯᠳᠦᠭᠦᠨ ᠠᠴᠠ 18 | ᠬᠥᠮᠥᠨ ᠬᠤᠷᠠᠯ ᠳᠤ ᠪᠣᠳᠠᠲᠠᠢ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠪᠣᠯᠣᠳ ᠬᠤᠷᠠᠯ ᠢ ᠡᠷᠭᠢᠯᠡᠵᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠯᠢᠦ ᠴᠢᠩ᠂ ᠡᠷᠳᠡᠨᠢᠰᠦ᠋ᠷᠦᠭ᠂ ᠯᠦ ᠵᠧᠨ ᠰᠢᠨ ᠵᠢᠴᠢ ᠪᠤᠰᠤᠳ ᠭᠡᠰᠢᠭᠦᠳ ᠬᠤᠷᠠᠯ | ᠳᠤ ᠣᠷᠣᠯᠴᠠᠵᠠᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠶᠣᠣ | ᠬᠠᠢ ᠰᠢᠶᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠢᠦᠢ ᠵᠥᠩ ᠮᠢᠨ᠂ ᠠᠷᠠᠳ ᠤᠨ ᠰᠢᠭᠦᠬᠦ | ᠬᠤᠷᠢᠶᠠᠨ ᠤ ᠳᠠᠷᠤᠭ᠎ᠠ ᠯᠢ ᠹᠧᠢ᠂ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠲᠢᠶᠠᠨ ᠱᠠᠨ | ᠨᠠᠷ ᠬᠤᠷᠠᠯ ᠳᠤ ᠰᠤᠯᠠ ᠣᠷᠣᠯᠴᠠᠪᠠ᠃ | ᠬᠤᠷᠠᠯ ᠳᠤ᠂ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ | ᠪᠠᠶᠢᠴᠠᠭᠠᠬᠤ ᠵᠥᠪᠯᠡᠯ ᠤᠨ ᠨᠥᠬᠦᠵᠦ ᠰᠣᠩᠭᠤᠭᠰᠠᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ | ᠮᠡᠳᠡᠭᠦᠯᠦᠯᠲᠡ ᠶᠢ ᠬᠢᠨᠠᠨ ᠵᠥᠪᠯᠡᠪᠡ᠃ ᠬᠤᠰᠢᠭᠤ ᠠᠷᠠᠳ ᠤᠨ ᠵᠠᠰᠠᠭ ᠤᠨ ᠣᠷᠳᠣᠨ ᠤ 2024 ᠣᠨ ᠤ ᠮᠥᠩᠭᠦᠨ | ᠭᠦᠢᠯᠭᠡᠭᠡᠨ ᠤ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ | ᠤᠨ ᠲᠤᠬᠠᠢ ᠮᠡᠳᠡᠭᠦᠯᠦᠯᠲᠡ᠂ ᠬᠤᠰᠢᠭᠤ ᠠᠷᠠᠳ ᠤᠨ ᠵᠠᠰᠠᠭ ᠤᠨ ᠣᠷᠳᠣᠨ ᠤ 2023 ᠣᠨ ᠤ ᠬᠤᠰᠢᠭᠤ | ᠱᠠᠲᠤᠨ ᠤ ᠲᠥᠰᠥᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ | ᠪᠣᠳᠣᠯᠲᠠ ᠶᠢ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ | ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ᠃ | ᠬᠤᠷᠠᠯ ᠳᠤ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠤᠴᠢᠷ | ᠶᠠᠪᠤᠳᠠᠯ ᠢ ᠪᠠᠲᠤᠯᠠᠪᠠ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠣᠷᠴᠢᠨ ᠲᠣᠭᠤᠷᠢᠨ ᠡᠬᠢ | ᠪᠠᠶᠠᠯᠢᠭ ᠪᠠ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠵᠥᠪᠯᠡᠯ᠂ ᠵᠠᠰᠠᠭ ᠤᠨ ᠣᠷᠳᠣᠨ ᠤ ᠠᠯᠪᠠᠨ ᠭᠡᠷ᠂ | ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠡᠰᠡᠭ | ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠠ ᠠᠷᠠᠳ ᠤᠨ | ᠲᠥᠯᠥᠭᠡᠯᠡᠭᠴᠢᠳ ᠬᠤᠷᠠᠯ ᠳᠤ ᠰᠤᠯᠠ ᠣᠷᠣᠯᠴᠠᠪᠠ᠃ | | |