ᠣᠶᠢᠷ᠎ᠠ ᠶᠢᠨ ᠡᠳᠦᠷ᠂ ᠳᠣᠯᠣᠳᠤᠭᠠᠷ ᠬᠤᠭᠤᠴᠠᠭᠠᠨ ᠤ ᠪᠥᠬᠦ ᠤᠯᠤᠰ ᠤᠨ ᠪᠣᠯᠪᠠᠰᠤᠨ ᠭᠠᠴᠠᠭ᠎ᠠ ᠲᠣᠰᠬᠤᠨ ᠤ | ᠨᠡᠷᠡᠰ ᠢ ᠨᠡᠶᠢᠲᠡᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠳᠣ ᠶᠢᠨ ᠭᠤᠣᠯ ᠪᠠᠯᠭᠠᠰᠤᠨ ᠤ ᠪᠠᠶᠠᠨᠪᠤᠯᠠᠭ | ᠭᠠᠴᠠᠭ᠎ᠠ ᠨᠢ ︽ᠪᠥᠬᠦ ᠤᠯᠤᠰ ᠤᠨ ᠪᠣᠯᠪᠠᠰᠤᠨ ᠭᠠᠴᠠᠭ᠎ᠠ ᠲᠣᠰᠬᠤᠨ︾ ᠤ ᠢᠷᠠᠭᠤ ᠠᠯᠳᠠᠷ ᠢ ᠭᠥᠷᠳᠡᠪᠡ᠃ | ᠡᠨᠡ ᠬᠦ ᠢᠷᠠᠭᠤ ᠠᠯᠳᠠᠷ ᠨᠢ ᠬᠤᠭᠤᠯᠠᠳᠣ ᠶᠢᠨ ᠭᠤᠣᠯ ᠪᠠᠯᠭᠠᠰᠤᠨ ᠤ ᠪᠠᠶᠠᠨᠪᠤᠯᠠᠭ ᠭᠠᠴᠠᠭᠠᠨ ᠤ ᠠᠵᠢᠯ ᠢ | ᠳᠡᠭᠡᠳᠦ ᠬᠡᠮᠵᠢᠶ᠎ᠡ ᠪᠠᠷ ᠦᠨᠡᠯᠡᠭᠰᠡᠨ ᠲᠡᠳᠦᠢ ᠦᠭᠡᠢ᠂ ᠲᠤᠰ ᠭᠠᠴᠠᠭᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ | ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠢᠯᠭᠤᠮ ᠠᠮᠵᠢᠯᠳᠠ ᠶᠢ ᠨᠢ ᠬᠦᠢᠴᠠᠳ ᠨᠤᠳᠠᠯᠠᠭᠰᠠᠨ | ᠪᠠᠶᠢᠨ᠎ᠠ᠃ | ᠪᠠᠶᠠᠨᠪᠤᠯᠠᠭ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠪᠣᠯᠣᠨ ᠨᠠᠮ ᠤᠨ ᠭᠡᠰᠢᠭᠦᠨ ᠤ | ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠶᠢ ᠳᠡᠯᠭᠡᠷᠡᠭᠦᠯᠬᠦ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠵᠡᠷᠭᠡ | ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠮᠠᠯᠴᠢᠨ ᠲᠦᠮᠡᠨ ᠤ ᠦᠵᠡᠯ ᠰᠠᠨᠠᠭ᠎ᠠ ᠰᠣᠶᠣᠯ ᠤᠨ ᠬᠢᠷᠢ ᠬᠡᠮᠵᠢᠶ᠎ᠡ | ᠶᠢ ᠳᠡᠭᠡᠭᠰᠢᠯᠡᠭᠦᠯᠪᠡ᠃ ᠡᠭᠦᠨ ᠤ ᠵᠡᠷᠭᠡ ᠳᠤ᠂ ᠨᠠᠮ ᠤᠨ ᠭᠡᠰᠢᠭᠦᠳ ᠦᠨᠳᠦᠰᠦᠨ ᠱᠠᠲᠤᠨ ᠤ ᠵᠥᠷᠢᠴᠡᠯ ᠢ | ᠡᠶᠡᠳᠡᠭᠦᠯᠬᠦ ᠳᠤ ᠣᠷᠣᠯᠴᠠᠵᠤ᠂ ᠡᠯ᠎ᠡ ᠲᠥᠷᠥᠯ ᠤᠨ ᠵᠢᠭᠤᠷᠠᠯᠳᠤᠭᠠᠨ ᠢ ᠴᠠᠭ ᠲᠤᠬᠠᠢ ᠳᠤᠨᠢ ᠰᠢᠢᠳᠪᠦᠷᠢᠯᠡᠨ᠂ | ᠭᠠᠴᠠᠭᠠᠨ ᠤ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠵᠤ᠂ ᠵᠢᠱᠢᠶᠡᠴᠢ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠪᠣᠯᠤᠭᠰᠠᠨ ᠪᠠᠶᠢᠨ᠎ᠠ᠃ | ᠣᠶᠢᠷ᠎ᠠ ᠶᠢᠨ ᠵᠢᠯ ᠳᠤ᠂ ᠲᠣᠰ ᠭᠠᠴᠠᠭ᠎ᠠ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠢᠳᠡᠪᠬᠢᠲᠡᠢ ᠪᠠᠷ | ᠬᠤᠪᠢᠷᠠᠭᠤᠯᠵᠤ᠂ ︽ᠬᠤᠷᠰᠢᠶ᠎ᠠ + ᠭᠡᠷ ᠪᠦᠯᠢ ᠶᠢᠨ ᠮᠠᠯᠵᠢᠯ ᠤᠨ ᠲᠠᠯᠠᠪᠠᠶ︾ ᠶᠢᠨ ᠵᠠᠭᠪᠤᠷ ᠢ ᠬᠡᠷᠡᠭᠯᠡᠵᠦ᠂ | ᠬᠠᠮᠲᠤ ᠶᠢᠨ ᠠᠵᠤ ᠠᠬᠤᠢ ᠶᠢᠨ ᠲᠦᠷᠭᠡᠨ ᠬᠥᠭᠵᠢᠯᠲᠡ ᠶᠢ ᠠᠬᠢᠭᠤᠯᠪᠠ᠃ ᠣᠶᠢᠷ᠎ᠠ ᠶᠢᠨ ᠭᠤᠷᠪᠠᠨ ᠵᠢᠯ ᠳᠤ᠂ | ᠭᠠᠴᠠᠭᠠᠨ ᠤ ᠬᠠᠮᠲᠤ ᠶᠢᠨ ᠣᠷᠣᠯᠭ᠎ᠠ ᠨᠢ ᠳᠠᠬᠢᠨ ᠢᠶᠠᠷ ᠨᠡᠮᠡᠭᠳᠡᠵᠦ᠂ 2024 ᠣᠨ ᠳᠤ ᠨᠠᠩ ᠴᠤ 105 ᠲᠦᠮᠡᠨ | ᠲᠥᠭᠦᠷᠢᠭ ᠢ ᠳᠠᠪᠠᠭᠰᠠᠨ ᠪᠠᠶᠢᠨ᠎ᠠ᠃ | ᠰᠣᠶᠣᠯ ᠪᠠ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠨᠢ ᠲᠤᠰ ᠭᠠᠴᠠᠭᠠᠨ ᠳᠤ ᠰᠢᠨ᠎ᠡ ᠠᠮᠢᠵᠢᠷᠠᠯ ᠤᠨ | ᠬᠦᠴᠦᠨ ᠢ ᠨᠡᠮᠡᠷᠢᠯᠡᠪᠡ᠃ ᠲᠤᠬᠠᠢ ᠶᠢᠨ ᠭᠠᠵᠠᠷ ᠤᠨ ᠬᠤᠪᠢᠰᠬᠠᠯ ᠤᠨ ᠡᠬᠢ ᠪᠠᠶᠠᠯᠢᠭ ᠲᠤ ᠲᠦᠰᠢᠭᠯᠡᠨ᠂ ᠪᠠᠶᠠᠨᠪᠤᠯᠠᠭ | ᠭᠠᠴᠠᠭᠠᠨ ᠤ ᠴᠠᠭᠠᠨ ᠮᠤᠷᠢᠳᠣ ᠰᠣᠮᠣ ᠶᠢ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ | ᠪᠣᠯᠭᠠᠨ ᠪᠠᠶᠢᠭᠤᠯᠵᠤ᠂ ᠤᠯᠠᠨ ᠲᠦᠮᠠᠨ ᠤ ᠰᠣᠷᠣᠯᠴᠠᠯᠭ᠎ᠠ ᠬᠦᠮᠦᠵᠢᠯ ᠤᠨ ᠲᠤᠰᠬᠠᠢ ᠴᠡᠭ ᠪᠤᠯᠭᠠᠭᠰᠠᠨ ᠢᠶᠠᠷ ᠪᠠᠷᠠᠬᠤ | ᠦᠬᠡᠢ ᠵᠤᠭᠠᠴᠠᠭᠰᠠᠳ ᠲᠤ ᠤᠷᠤᠨ ᠨᠤᠳᠤᠭ ᠤᠨ ᠲᠠᠣᠬᠡ ᠰᠣᠶᠤᠯ ᠢ ᠦᠢᠯᠠᠭᠠᠬᠤ ᠲᠠᠪᠴᠠᠩ ᠬᠠᠩᠭᠠᠵᠡᠢ᠃ | |