ᠪᠠᠷᠠᠭᠤᠨ ᠦᠵᠦᠮᠦᠴᠢᠨ ᠬᠤᠰᠢᠭᠤᠨ ᠤ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠭᠡᠬᠦ ᠭᠤᠣᠯ ᠰᠡᠳᠦᠪᠲᠦ ᠮᠠᠯᠵᠢᠬᠤ  ᠣᠷᠣᠨ ᠤ ᠤᠬᠠᠭᠤᠯᠭ᠎ᠠ ᠵᠢᠴᠢ 2025 ᠣᠨ ᠤ ︽ᠠᠯᠲᠠᠨ ᠬᠠᠶᠢᠷᠠᠭᠤᠴᠠᠢ︾ ᠰᠠᠶᠢᠨ ᠲᠤᠷᠠᠴᠣᠤᠤᠯ ᠤᠨ ᠤᠬᠠᠭᠤᠯᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2025/5/30
    5 ᠰᠠᠷ᠎ᠠ ᠶᠢᠨ 26 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠭᠡᠬᠦ ᠭᠤᠣᠯ ᠰᠡᠳᠦᠪᠲᠦ ᠮᠠᠯᠵᠢᠬᠤ ᠣᠷᠣᠨ ᠤ ᠤᠬᠠᠭᠤᠯᠭ᠎ᠠ ᠵᠢᠴᠢ 2025 ᠣᠨ ᠤ ︽ᠠᠯᠲᠠᠨ ᠬᠠᠶᠢᠷᠠᠭᠤᠴᠠᠢ︾ ᠶᠢᠨ ᠰᠠᠶᠢᠨ ᠲᠤᠷᠠᠴᠤᠤᠯ ᠤᠨ ᠤᠬᠠᠭᠤᠯᠭ᠎ᠠ ᠶᠠᠪᠤᠭᠳᠠᠪᠠ᠃     ᠠᠯᠲᠠᠨ ᠬᠠᠶᠢᠷᠠᠭᠤᠴᠠᠢ ᠰᠠᠶᠢᠨ ᠲᠤᠷᠠᠴᠣᠣᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠨᠢ 7 ᠲᠤᠭᠤᠶᠢᠯᠠᠩ ᠬᠤᠪᠢᠶᠠᠨ᠂ ᠬᠤᠭᠤᠯᠠᠳᠣ ᠶᠢᠨ ᠭᠤᠣᠯ ᠪᠠᠯᠭᠠᠰᠤᠨ ᠤ ᠪᠠᠶ᠋ᠬᠠᠷᠬᠡᠳᠣ ᠭᠠᠴᠠᠭ᠎ᠠ᠂ ᠪᠠᠶᠠᠠᠬᠤᠰᠢᠭᠤ ᠰᠣᠮᠤᠨ ᠤ ᠤᠨᠳᠣᠷᠠᠢ ᠭᠠᠴᠠᠭ᠎ᠠ᠂ ᠵᠢᠷ ᠤᠨ ᠭᠤᠣᠯ ᠪᠠᠯᠭᠠᠰᠤᠨ ᠤ ᠤᠯᠠᠭᠠᠨᠨᠠᠭᠤᠷ ᠭᠠᠴᠠᠭ᠎ᠠ ᠵᠡᠷᠬᠡ ᠡᠯ᠎ᠠ ᠰᠣᠮᠣ ᠪᠠᠯᠭᠠᠰᠣᠨ ᠤ 7 ᠭᠠᠴᠠᠭ᠎ᠠ᠂ ᠨᠠᠶᠢᠬᠡᠮ ᠲᠤᠭᠤᠷᠢᠭ ᠲᠤ ᠭᠦᠷᠴᠦ᠂ ᠠᠯᠲᠠᠨ ᠬᠠᠶᠢᠷᠠᠭᠤᠴᠠᠢ ᠰᠠᠶᠢᠨ ᠲᠤᠷᠠᠴᠤᠤᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠠᠴᠠ ︽ᠦᠬᠡᠷ ᠬᠤᠨᠢᠨ ᠤ ᠪᠠᠶᠢᠩᠭᠤ ᠲᠣᠬᠢᠶᠠᠯᠳᠤᠳᠠᠭ ᠬᠠᠯᠳᠠᠪᠤᠷᠢᠲᠤ ᠡᠪᠡᠳᠴᠢᠨ ᠢ ᠣᠨᠣᠰᠢᠯᠠᠬᠤ ᠪᠠ ᠰᠡᠷᠭᠡᠶᠢᠯᠡᠨ ᠬᠤᠷᠢᠭᠯᠠᠬᠤ︾ ︽ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ︾ ︽ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ︾  ︽ᠤᠮᠠᠷᠠᠲᠤ ᠬᠢᠯᠢ ᠶᠢᠨ ᠰᠣᠶᠣᠯ︾ ᠵᠡᠷᠬᠡ ᠠᠭᠤᠯᠭ᠎ᠠ ᠶᠢᠨ ᠲᠤᠭᠤᠷᠢᠨ ᠳᠤ ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠪᠠᠷ ᠭᠤᠣᠯ ᠰᠢᠵᠢᠮ ᠪᠤᠯᠭᠠᠬᠤ ᠲᠤᠭᠤᠷᠢᠨ ᠳᠤ ᠨᠠᠷᠢᠨ ᠲᠠᠶᠢᠯᠪᠤᠷᠢᠯᠠᠯᠳᠠ ᠬᠢᠵᠡᠢ᠃     ᠦᠢᠯᠠᠭᠠᠭᠰᠠᠨ ᠢᠶᠠᠷ᠂ ᠠᠯᠲᠠᠨ ᠬᠠᠶᠢᠷᠠᠭᠤᠴᠠᠢ ᠰᠠᠶᠢᠨ ᠲᠤᠷᠠᠴᠣᠣᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠨᠢ ᠦᠷᠭᠦᠯᠵᠢᠯᠡᠨ ᠰᠤᠮᠤ ᠪᠠᠯᠭᠠᠰᠤ᠂ ᠭᠠᠴᠠᠭ᠎ᠠ᠂ ᠨᠡᠶᠢᠭᠡᠮ ᠲᠣᠭᠤᠷᠢᠭ ᠲᠤ ᠭᠦᠨᠵᠡᠬᠡᠶᠢᠷᠡᠨ᠂ ᠨᠠᠮ ᠤᠨ ᠣᠨᠣᠯ᠂ ᠲᠥᠷᠥ ᠶᠢᠨ ᠪᠣᠳᠣᠯᠭ᠎ᠠ ᠵᠢᠴᠢ ᠡᠯ᠎ᠡ ᠲᠥᠷᠥᠯ ᠤᠨ ᠬᠡᠷᠡᠭᠯᠡᠭᠡᠨ ᠤ ᠮᠡᠳᠡᠯᠭᠡ ᠶᠢ ᠦᠨᠳᠦᠰᠦᠨ ᠱᠠᠲᠤᠨ ᠳᠤ ᠭᠦᠷᠬᠡᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ  ᠤᠨ ᠲᠥᠷᠥᠭᠳᠡᠯ ᠢ ᠳᠡᠭᠡᠭᠰᠢᠯᠡᠭᠦᠯᠵᠦ᠂ ᠪᠠᠷᠠᠭᠤᠨ ᠦᠵᠦᠮᠦᠴᠢᠨ ᠬᠤᠰᠢᠭᠤᠨ ᠤ ᠬᠥᠭᠵᠢᠯᠲᠡ ᠳᠤ ᠣᠶᠤᠨ ᠰᠠᠨᠠᠭᠠᠨ ᠤ ᠬᠥᠳᠡᠯᠭᠡᠬᠦ ᠬᠦᠴᠦᠨ ᠢ ᠨᠠᠮᠠᠷᠢᠯᠠᠬᠦ ᠪᠤᠯᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号