5 ᠳ᠋ᠤᠭᠠᠷ ᠲᠤᠭᠠᠲᠦ | | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠢ ᠶᠢᠨ ᠣᠷᠴᠢᠨ ᠳᠤᠭᠤᠷᠢᠨ ᠪᠤᠯᠤᠨ ᠠᠮᠢᠳᠤ | ᠪᠣᠳᠠᠰ ᠤᠨ ᠣᠯᠠᠨ ᠶᠠᠩᠵᠤᠲᠤ ᠴᠢᠨᠠᠷ ᠢ ᠦᠨᠡᠨᠬᠦ ᠬᠠᠮᠠᠭᠠᠯᠠᠨ᠂ ᠠᠮᠢ ᠠᠬᠤᠢ ᠶᠢᠨ ᠰᠢᠰᠲ᠋ᠧᠮ ᠢ ᠦᠷᠭᠦᠯᠵᠢᠯᠡᠨ | ᠰᠡᠷᠭᠦᠭᠡᠬᠦ ᠶᠢ ᠠᠬᠢᠭᠤᠯᠬᠤ ᠶᠢᠨ ᠳᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ | ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠳᠦᠷᠢᠮ︾ | ᠵᠡᠷᠭᠡ ᠬᠠᠤᠯᠢ ᠴᠠᠭᠠᠵᠠ ᠳᠦᠷᠢᠮ ᠲᠣᠭᠲᠠᠭᠠᠯ ᠢ ᠦᠨᠳᠦᠰᠦᠯᠡᠨ᠂ ᠡᠳᠦᠭᠡ ᠭᠦᠷᠦᠭᠡᠰᠦᠳᠡᠢ ᠤᠯᠤᠰ ᠤᠨ ᠲᠠᠰ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠤᠯᠤᠰ ᠤᠨ ᠥᠮᠴᠢᠯᠡᠯᠲᠦ ᠣᠷᠣᠨ ᠪᠦᠰᠡ ᠳᠤ ︵ᠤᠯᠤᠰ ᠤᠨ | ᠦᠮᠴᠢᠯᠡᠯᠳᠤ ᠤᠢ ᠰᠢᠭᠤᠢ ᠶᠢᠨ ᠲᠠᠯᠠᠪᠠᠢ︶ ᠪᠥᠬᠦ ᠵᠢᠯ ᠢᠶᠠᠷ ᠪᠡᠯᠴᠢᠭᠡᠷᠯᠡᠭᠦᠯᠬᠦ ᠶᠢ ᠴᠠᠭᠠᠵᠠᠯᠠᠬᠤ ᠲᠤᠬᠠᠢ | ᠬᠤᠯᠪᠣᠭᠳᠠᠯ ᠪᠦᠬᠦᠢ ᠵᠦᠢᠯᠡᠰ ᠢ ᠵᠠᠷᠯᠠᠶ᠎ᠠ᠃ | ᠨᠢᠭᠡ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ | ᠭᠦᠷᠦᠭᠡᠰᠦᠳᠡᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠤᠯᠤᠰ ᠤᠨ ᠥᠮᠴᠢᠯᠡᠯᠲᠦ | ᠣᠷᠣᠨ ᠪᠦᠰᠡ ︵ᠤᠯᠤᠰ ᠤᠨ ᠦᠮᠴᠢᠯᠡᠯᠳᠤ ᠤᠢ ᠰᠢᠭᠤᠢ ᠶᠢᠨ ᠲᠠᠯᠠᠪᠠᠢ︶᠃ | ᠬᠤᠶᠠᠷ᠂ ᠪᠡᠯᠴᠢᠭᠡᠷᠯᠡᠭᠦᠯᠬᠦ ᠶᠢ ᠴᠠᠭᠠᠵᠠᠯᠠᠬᠤ ᠴᠠᠭ ᠬᠤᠭᠤᠴᠠᠭ᠎ᠠ | ᠲᠣᠰ ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠪᠥᠬᠦ ᠵᠢᠯ ᠢᠶᠠᠷ ᠮᠠᠯ ᠪᠡᠯᠴᠢᠭᠡᠷᠯᠡᠬᠦᠯᠬᠦ ᠦᠶᠯᠡ | ᠠᠵᠢᠯᠯᠠᠭ᠎ᠠ ᠶᠢ ᠴᠠᠭᠠᠵᠠᠯᠠᠨ᠎ᠠ ︵ᠤᠯᠠᠷᠢᠯ ᠤᠨ ᠴᠢᠨᠠᠷᠲᠠᠢ ᠮᠠᠯ ᠪᠡᠯᠴᠢᠭᠡᠷᠯᠡᠬᠦᠯᠬᠦ ᠂ ᠲᠦᠷ ᠴᠠᠭ ᠤᠨ ᠴᠢᠨᠠᠷᠲᠠᠢ ᠮᠠᠯ | ᠪᠡᠯᠴᠢᠭᠡᠷᠯᠡᠬᠦᠯᠬᠦ ᠵᠡᠷᠭᠡ ᠪᠠᠭᠲᠠᠨ᠎ᠠ︶ ᠃ | ᠭᠤᠷᠪᠠ᠂ ᠪᠡᠯᠴᠢᠭᠡᠷᠯᠡᠭᠦᠯᠬᠦ ᠶᠢ ᠴᠠᠭᠠᠵᠠᠯᠠᠬᠤ ᠱᠠᠭᠠᠷᠳᠠᠯᠭ᠎ᠠ | ⒈ᠶᠠᠮᠠᠷᠪᠠ ᠪᠠᠶᠢᠭᠤᠯᠭ᠎ᠠ ᠨᠢᠭᠡᠴᠡ ᠪᠠ ᠬᠤᠪᠢ ᠬᠥᠮᠥᠨ ᠨᠢ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ | ᠮᠠᠯ ᠪᠡᠯᠴᠢᠭᠡᠷᠯᠡᠬᠦᠯᠬᠦ ᠶᠢ ᠴᠢᠩᠭ᠎ᠠ ᠴᠠᠭᠠᠵᠠᠯᠠᠨ᠎ᠠ᠃ ᠬᠠᠮᠠᠭᠠᠯᠠᠯᠲᠠ ᠶᠢᠨ ᠣᠷᠣᠨ ᠤ ᠤᠯᠤᠰ ᠤᠨ ᠥᠮᠴᠢᠯᠡᠯᠲᠦ | ᠣᠷᠣᠨ ᠳᠤ ᠭᠠᠳᠠᠨ᠎ᠠ ᠣᠷᠣᠨ ᠤ ᠮᠠᠯ ᠤᠨᠤᠭ᠎ᠠ ᠶᠢ ᠤᠷᠤᠭᠤᠯᠤᠨ ᠮᠠᠯᠵᠢᠬᠤ ᠪᠤᠶᠤ ᠨᠠᠶᠢᠳᠠᠨ ᠮᠠᠯᠵᠢᠵᠦ ᠪᠤᠯᠬᠤ | ᠦᠭᠡᠢ᠃ | ⒉ᠬᠠᠮᠠᠭᠠᠯᠠᠯᠲᠠ ᠶᠢᠨ ᠣᠷᠣᠨ ᠤ ᠤᠯᠤᠰ ᠤᠨ ᠦᠮᠴᠢᠯᠡᠯᠳᠤ ᠣᠷᠣᠨ ᠪᠦᠰᠡ ᠳᠤ ᠮᠠᠯ ᠪᠡᠯᠴᠢᠭᠡᠷᠯᠡᠬᠦᠯᠵᠦ | ᠪᠠᠶᠢᠭ᠎ᠠ ᠮᠠᠯᠵᠢᠬᠤ ᠡᠷᠦᠬᠡ ᠨᠢ 2025 ᠣᠨ ᠤ 6 ᠰᠠᠷ᠎ᠠ ᠶᠢᠨ 6 ᠤ ᠡᠳᠦᠷ ᠠᠴᠠ ᠡᠮᠦᠨ᠎ᠡ ᠮᠠᠯ ᠢᠶᠠᠨ ᠪᠦᠬᠦᠨ ᠢ | ᠨᠡᠭᠦᠯᠭᠡᠵᠦ᠂ ᠦᠯᠡᠳᠡᠭᠰᠡᠨ ᠶᠠᠭᠤᠮ᠎ᠠ ᠬᠡᠦᠮ᠎ᠡ ᠪᠠᠨ ᠥᠪᠡᠰᠦᠪᠡᠨ ᠴᠡᠪᠡᠷᠯᠡᠬᠦ ᠬᠡᠷᠡᠭᠲᠡᠢ᠃ | ᠳᠥᠷᠪᠡ᠂ ᠬᠠᠤᠯᠢ ᠶᠢᠨ ᠬᠠᠷᠢᠭᠤᠴᠠᠯᠭ᠎ᠠ | ⒈ᠪᠡᠯᠴᠢᠭᠡᠷᠯᠡᠭᠦᠯᠬᠦ ᠶᠢ ᠴᠠᠭᠠᠵᠠᠯᠠᠬᠤ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠭᠦᠷᠦᠭᠡᠰᠦᠳᠡᠢ ᠤᠯᠤᠰ ᠤᠨ | ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠭᠠᠵᠠᠷ ᠠᠴᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ | ᠵᠤᠭᠰᠤᠭᠠᠨ ᠪᠡᠯᠴᠢᠭᠡᠷ ᠢ ᠰᠡᠷᠭᠦᠭᠡᠬᠦ ᠳᠦᠷᠢᠮ︾ ᠤᠨ ᠭᠤᠴᠢᠨ ᠲᠠᠪᠤᠳᠤᠭᠠᠷ ᠵᠦᠢᠯ ᠤᠨ ᠲᠣᠭᠲᠠᠭᠠᠯ ᠢ | ᠦᠨᠳᠦᠰᠦᠯᠡᠨ᠂ ᠬᠠᠤᠯᠢ ᠠᠴᠠ ᠵᠥᠷᠢᠴᠡᠨ ᠪᠡᠯᠴᠢᠭᠡᠷᠯᠡᠬᠦᠯᠦᠭᠰᠡᠨ ᠮᠠᠯ ᠤᠨᠤᠭ᠎ᠠ ᠶᠢ ᠬᠤᠨᠢᠴᠢᠯᠠᠭᠰᠠᠨ ᠨᠢᠭᠡᠴᠢ ᠪᠠᠷ | ᠨᠢᠭᠡᠴᠢ ᠪᠦᠷᠢ ᠶᠢ 120 ᠲᠥᠭᠦᠷᠢᠭ ᠢᠶᠠᠷ ᠲᠤᠷᠭᠠᠨ᠎ᠠ᠃ | ⒉ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠶᠣᠰᠣᠭᠠᠷ ᠠᠯᠪᠠᠨ ᠠᠵᠢᠯ ᠢᠶᠠᠨ ᠭᠦᠢᠴᠡᠳᠬᠡᠬᠦ ᠶᠢ | ᠬᠠᠷᠰᠢᠯᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ᠶᠣᠰᠣᠭᠠᠷ | ᠰᠢᠢᠳᠬᠡᠨ᠎ᠡ᠃ | ᠲᠠᠪᠤ᠂ ᠬᠢᠨᠠᠯᠲᠠ ᠲᠠᠯᠪᠢᠬᠤ ᠪᠠ ᠢᠯᠡᠴᠢᠯᠡᠨ ᠮᠡᠳᠡᠭᠦᠯᠬᠦ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠨᠡᠶᠢᠭᠡᠮ ᠤᠨ ᠬᠢᠨᠠᠯᠲᠠ ᠲᠠᠯᠪᠢᠬᠤ᠂ | ᠣᠯᠠᠨ ᠲᠦᠮᠡᠨ ᠤ ᠬᠢᠨᠠᠯᠲᠠ ᠲᠠᠯᠪᠢᠬᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠨᠡᠶᠢᠯᠡᠮᠡᠯ ᠬᠦᠴᠦᠨ ᠢ | ᠪᠦᠷᠢᠯᠳᠦᠭᠦᠯᠬᠦ ᠶᠢᠨ ᠲᠥᠯᠥᠭᠡ᠂ ᠨᠡᠶᠢᠭᠡᠮ ᠤᠨ ᠡᠯ᠎ᠡ ᠡᠲᠡᠭᠡᠳ ᠨᠢ ᠭᠦᠷᠦᠭᠡᠰᠦᠳᠡᠢ ᠤᠯᠤᠰ ᠤᠨ ᠲᠠᠰ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠤᠯᠤᠰ ᠤᠨ ᠥᠮᠴᠢᠯᠡᠯᠲᠦ ᠣᠷᠣᠨ ᠪᠦᠰᠡ ᠳᠠᠬᠢ ᠬᠠᠤᠯᠢ ᠵᠥᠷᠢᠴᠡᠨ | ᠮᠠᠯ ᠪᠡᠯᠴᠢᠭᠡᠷᠯᠡᠬᠦᠯᠦᠭᠰᠡᠨ ᠦᠶᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ᠃ | ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠰᠦᠪᠡᠭᠴᠢ ᠬᠠᠩᠭᠠᠭᠰᠠᠨ ᠢᠯᠡᠴᠢᠯᠡᠨ ᠮᠡᠳᠡᠭᠦᠯᠦᠭᠴᠢ ᠶᠢ ᠱᠠᠩᠨᠠᠨ | ᠬᠥᠬᠢᠭᠦᠯᠵᠦ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠢᠯᠡᠴᠢᠯᠡᠨ ᠮᠡᠳᠡᠭᠦᠯᠦᠭᠴᠢ ᠶᠢᠨ ᠡᠷᠬᠡ | ᠠᠰᠢᠭ ᠢ ᠬᠠᠤᠯᠢ ᠶᠣᠰᠣᠭᠠᠷ ᠬᠠᠮᠠᠭᠠᠯᠠᠨ᠂ ᠬᠠᠮᠢᠶ᠎ᠠ ᠪᠦᠬᠦᠢ ᠰᠦᠪᠡᠭᠴᠢ ᠶᠢ ᠪᠠᠶᠢᠴᠠᠭᠠᠨ ᠲᠣᠳᠣᠯᠠᠭᠠᠳ ᠦᠨᠡᠨ | ᠪᠣᠳᠠᠲᠠᠢ ᠪᠠᠶᠢᠪᠠᠯ ᠬᠡᠷᠡᠭ ᠢ ᠳᠠᠭᠤᠰᠬᠠᠭᠰᠠᠨ ᠤ ᠳᠠᠷᠠᠭ᠎ᠠ᠂ ᠨᠢᠭᠡᠳᠦᠭᠡᠷ ᠢᠯᠡᠴᠢᠯᠡᠨ ᠮᠡᠳᠡᠭᠦᠯᠦᠭᠴᠢ ᠶᠢ ᠵᠣᠬᠢᠬᠤ | ᠬᠡᠮᠵᠢᠶ᠎ᠡ ᠪᠠᠷ ᠱᠠᠩᠨᠠᠨ ᠬᠥᠬᠢᠭᠦᠯᠦᠨ᠎ᠡ᠃ | ᠬᠢᠨᠠᠯᠲᠠ ᠲᠠᠯᠪᠢᠵᠦ ᠢᠯᠡᠴᠢᠯᠡᠨ ᠮᠡᠳᠡᠬᠦᠯᠬᠦ 24 ᠴᠠᠭ ᠤᠨ ᠤᠲᠠᠰᠤ᠄ | ᠭᠦᠷᠦᠭᠡᠰᠦᠳᠡᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠭᠠᠵᠠᠷ᠄ 0479 ︱ | 2438605 | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠤᠯᠢ ᠬᠡᠷᠡᠭᠵᠢᠭᠦᠯᠬᠦ ᠠᠩᠭᠢ᠄ ᠦ᠋ ᡁᠢ ᠴᠣᠤ | 13947934846 | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠠᠪᠢᠨ ᠬᠠᠮᠢᠶᠠᠷᠤᠯᠲᠠ ᠶᠢᠨ ᠥᠷᠲᠡᠭᠡ᠄ ᠰᠡᠴᠡᠨᠳᠦ | 13947927790 | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳ᠋ᠢᠶᠠᠨ ᠬᠠᠮᠢᠶᠠᠷᠤᠯᠲᠠ ᠶᠢᠨ ᠥᠷᠲᠡᠭᠡ᠄ ᠵᠠᠩ ᠶᠢᠨ ᠬᠤᠶ | 13674892288 | ᠣᠨᠴᠠᠭᠠᠶᠢᠯᠠᠨ ᠵᠠᠷᠯᠠᠪᠠ | | ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2025 ᠣᠨ ᠤ 5 ᠰᠠᠷ᠎ᠠ ᠶᠢᠨ 28 ᠤ ᠡᠳᠦᠷ | | | | | | | | |