ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠡᠪᠳᠡᠬᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠢ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2025/5/30
                                4 ᠳ᠋ᠤᠭᠡᠷ ᠲᠤᠭᠠᠲᠦ      ᠮᠠᠨ ᠤ ᠬᠤᠰᠢᠭᠤᠨ ᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠨ᠂ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠬᠠᠤᠯᠢ ᠪᠤᠰᠤ ᠪᠠᠷ ᠮᠠᠯᠲᠠᠬᠤ᠂ ᠬᠤᠳᠠᠯᠳᠤᠨ ᠠᠪᠬᠤ᠂ ᠵᠥᠭᠡᠭᠡᠪᠦᠷᠢᠯᠡᠬᠦ ᠵᠡᠷᠭᠡ ᠬᠠᠤᠯᠢ ᠪᠤᠰᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠂ ᠮᠠᠯᠵᠢᠬᠤ ᠣᠷᠣᠨ ᠤ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠪᠠ ᠪᠡᠯᠴᠢᠭᠡᠷ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠡᠮᠬᠢ ᠳᠢᠭᠯᠢᠮ ᠢ ᠬᠠᠮᠠᠭᠠᠯᠠᠨ᠂ ᠮᠠᠯᠴᠢᠳ ᠤᠨ ᠲᠤᠰ ᠪᠡᠶ᠎ᠡ ᠶᠢᠨ ᠠᠰᠢᠭ ᠲᠤᠰᠠ  ᠶᠢ ᠪᠠᠲᠤᠯᠠᠵᠤ᠂ ᠨᠡᠶᠢᠭᠡᠮ ᠠᠵᠤ ᠠᠬᠤᠢ ᠪᠣᠯᠣᠨ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠭᠰᠡᠨ ᠬᠥᠭᠵᠢᠯᠲᠡ ᠶᠢ ᠠᠬᠢᠭᠤᠯᠬᠤ ᠶᠢᠨ ᠳᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠤᠷᠭᠤᠮᠠᠯ ᠢ ᠬᠠᠮᠠᠭᠠᠯᠠᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠪᠠ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠴᠠᠭᠠᠵᠠ ᠳᠦᠷᠢᠮ ᠲᠤᠭᠲᠠᠭᠠᠯ ᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠤᠴᠢᠷ ᠢ ᠵᠠᠷᠯᠠᠶ᠎ᠠ᠃      ᠨᠢᠭᠡ᠂ ᠶᠠᠮᠠᠷᠪᠠ ᠪᠠᠶᠢᠭᠤᠯᠭ᠎ᠠ ᠨᠢᠭᠡᠴᠡ ᠪᠠ ᠬᠤᠪᠢ ᠬᠥᠮᠥᠨ ᠨᠢ ᠪᠠᠷᠠᠭᠤᠨ ᠦᠵᠦᠮᠦᠴᠢᠨ ᠬᠤᠰᠢᠭᠤᠨ ᠤ ᠬᠢᠯᠢ ᠳᠣᠲᠣᠷ᠎ᠠ ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠤᠷᠭᠤᠮᠠᠯ ᠪᠣᠯᠣᠨ ᠴᠢᠬᠤᠯᠠ ᠠᠵᠤ ᠠᠬᠤᠢ᠂ ᠰᠢᠨᠵᠢᠯᠡᠬᠦ ᠤᠬᠠᠭᠠᠨ ᠤ ᠰᠤᠳᠤᠯᠭᠠᠨ᠂ ᠰᠣᠶᠣᠯ ᠤᠨ ᠦᠨ᠎ᠡ ᠥᠷᠲᠡᠭ ᠲᠠᠢ ᠮᠥᠬᠦᠬᠦ ᠰᠢᠬᠠᠭᠰᠠᠨ ᠬᠤᠪᠣᠷ ᠴᠤᠬᠠᠭ ᠤᠷᠭᠤᠮᠠᠯ ᠢ ᠬᠠᠤᠯᠢ ᠪᠤᠰᠤ ᠪᠠᠷ ᠮᠠᠯᠲᠠᠬᠤ᠂ ᠬᠤᠳᠠᠯᠳᠤᠨ ᠠᠪᠬᠤ᠂ ᠵᠥᠭᠡᠭᠡᠪᠦᠷᠢᠯᠡᠬᠦ ᠵᠢᠴᠢ ᠣᠷᠣᠨ ᠨᠤᠲᠤᠭ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠤᠷᠭᠤᠮᠠᠯ ᠢ ᠬᠠᠤᠯᠢ ᠪᠤᠰᠤ ᠪᠠᠷ ᠮᠠᠯᠲᠠᠬᠤ᠂ ᠬᠤᠳᠠᠯᠳᠤᠨ ᠠᠪᠬᠤ᠂ ᠵᠥᠭᠡᠭᠡᠪᠦᠷᠢᠯᠡᠬᠦ ᠪᠤᠶᠤ ᠲᠡᠭᠦᠨ ᠤ ᠤᠷᠭᠤᠯᠲᠠ ᠶᠢᠨ ᠣᠷᠴᠢᠨ ᠲᠣᠭᠤᠷᠢᠨ ᠢ ᠡᠪᠳᠡᠬᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃     ᠬᠤᠶᠠᠷ᠂ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠬᠠᠤᠯᠢ ᠪᠤᠰᠤ ᠪᠠᠷ ᠮᠠᠯᠲᠠᠭᠰᠠᠨ᠂ ᠬᠤᠳᠠᠯᠳᠤᠨ ᠠᠪᠤᠭᠰᠠᠨ᠂ ᠵᠥᠭᠡᠭᠡᠪᠦᠷᠢᠯᠡᠭᠰᠡᠨ ᠨᠢᠭᠡᠴᠡ ᠪᠤᠶᠤ ᠬᠤᠪᠢ ᠬᠥᠮᠥᠨ ᠢ ᠪᠠᠶᠢᠴᠠᠭᠠᠵᠤ ᠣᠯᠣᠮᠠᠭᠴᠠ ᠬᠤᠯᠪᠣᠭᠳᠠᠯ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠶᠣᠰᠣᠭᠠᠷ ᠰᠢᠢᠳᠬᠡᠨ᠎ᠡ᠃ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠵᠤ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠬᠡᠭᠡᠷ᠎ᠡ ᠶᠢᠨ ᠤᠷᠭᠤᠮᠠᠯ ᠢ ᠳᠤᠷ᠎ᠠ ᠪᠠᠷ ᠢᠶᠠᠨ ᠲᠡᠭᠦᠵᠦ ᠮᠠᠯᠲᠠᠭᠰᠠᠨ ᠠᠴᠠ ᠪᠣᠯᠵᠤ ᠠᠮᠢ ᠠᠬᠤᠢ ᠶᠢ ᠡᠪᠳᠡᠭᠰᠡᠨ ᠪᠠᠶᠢᠪᠠᠯ ᠂ ᠬᠤᠯᠪᠣᠭᠳᠠᠯ ᠪᠦᠬᠦᠢ ᠠᠮᠢ ᠠᠬᠤᠢ ᠶᠢ ᠵᠠᠰᠠᠨ ᠰᠡᠷᠭᠦᠭᠡᠬᠦ ᠵᠠᠷᠤᠳᠠᠯ ᠢ ᠬᠠᠤᠯᠢ ᠶᠣᠰᠣᠭᠠᠷ ᠲᠥᠯᠥᠬᠦ ᠬᠡᠷᠡᠭᠲᠡᠢ᠃ ᠠᠯᠪᠠᠨ ᠲᠤᠰᠢᠶᠠᠯᠲᠠᠨ ᠬᠡᠷᠪᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠣᠷᠣᠯᠴᠠᠪᠠᠯ᠂ ᠪᠠᠶᠢᠴᠠᠭᠠᠨ ᠲᠣᠳᠣᠯᠠᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠪᠠᠷᠠᠭᠤᠨ ᠦᠵᠦᠮᠦᠴᠢᠨ ᠬᠤᠰᠢᠭᠤᠨ ᠤ ᠡᠷᠦᠬᠡ ᠠᠮᠠ ᠲᠠᠢ ᠬᠥᠮᠥᠰ ᠰᠤᠷᠠᠭ ᠴᠢᠮᠡᠭᠡ ᠬᠦᠷᠭᠡᠬᠦ ᠳᠤ ᠤᠷᠤᠯᠴᠠᠬᠤ᠂ ᠳᠤᠷ᠎ᠠ ᠪᠠᠷ ᠢᠶᠠᠨ ᠲᠡᠭᠦᠵᠦ ᠮᠠᠯᠲᠠᠬᠤ ︵ᠥᠪᠡᠷ ᠤᠨ ᠳᠠᠭᠠᠭᠠᠴᠢᠯᠠᠭᠰᠠᠨ ᠨᠤᠲᠤᠭ ᠪᠡᠯᠴᠢᠭᠡᠷ ᠳᠡᠭᠡᠷ᠎ᠡ ᠪᠠᠨ ᠳᠤᠷ᠎ᠠ ᠪᠠᠷ ᠢᠶᠠᠨ ᠲᠡᠭᠦᠵᠦ ᠮᠠᠯᠲᠠᠬᠤ ᠶᠢ ᠪᠠᠭᠲᠠᠭᠠᠨ᠎ᠠ︶ ᠠᠵᠢᠯᠯᠠᠭ᠎ᠠ ᠶᠢ ︽ᠤᠯᠠᠭᠠᠨ ᠬᠠᠷ᠎ᠠ ᠰᠠᠮᠪᠠᠷ᠎ᠠ ᠶᠢᠨ ᠵᠠᠷᠯᠠᠯ︾ ᠤᠨ ᠳᠦᠷᠢᠮ ᠢᠶᠠᠷ ᠳᠡᠩᠰᠡᠯᠡᠨ ᠬᠠᠮᠢᠶᠠᠷᠤᠨ᠎ᠠ᠃    ᠭᠤᠷᠪᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠶᠣᠰᠣᠭᠠᠷ ᠠᠯᠪᠠᠨ ᠶᠠᠪᠤᠳᠠᠯ ᠭᠦᠢᠴᠡᠳᠬᠡᠬᠦ ᠶᠢ ᠬᠠᠷᠰᠢᠯᠠᠭᠰᠠᠨ᠂ ᠲᠡᠪᠴᠢᠭᠰᠡᠨ ᠪᠤᠶᠤ ᠬᠦᠴᠦᠷᠬᠡᠭᠯᠡᠯ ᠢᠶᠠᠷ ᠡᠰᠡᠷᠭᠦᠴᠡᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠮᠢᠶ᠎ᠠ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠤᠨ ᠶᠣᠰᠣᠭᠠᠷ ᠰᠢᠢᠳᠬᠡᠨ᠎ᠡ᠃ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠵᠤ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠳᠥᠷᠪᠡ᠂ ᠤᠬᠠᠭᠤᠯᠬᠤ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤ ︵ᠭᠦᠷᠦᠭᠡᠰᠦᠳᠡᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ︶᠂ ᠡᠯ᠎ᠡ ᠭᠠᠴᠠᠭ᠎ᠠ ᠨᠢ ᠲᠠᠯ᠎ᠠ ᠨᠤᠲᠤᠭ ᠤᠨ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠬᠠᠤᠯᠢ ᠪᠤᠰᠤ ᠪᠠᠷ ᠮᠠᠯᠲᠠᠬᠤ᠂ ᠬᠤᠳᠠᠯᠳᠤᠨ ᠠᠪᠬᠤ᠂ ᠵᠦᠭᠡᠭᠡᠪᠦᠷᠯᠡᠬᠦ ᠶᠢ ᠴᠢᠩᠭ᠎ᠠ ᠴᠠᠭᠠᠵᠠᠯᠠᠬᠤ ᠤᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠵᠦ᠂ ᠬᠠᠤᠯᠢ ᠠᠴᠠ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠵᠦ᠂ ᠥᠷᠭᠡᠨ ᠣᠯᠠᠨ ᠮᠠᠯᠴᠢᠳ ᠢ ᠬᠥᠲᠥᠯᠥᠨ ᠵᠢᠯᠤᠭᠤᠳᠴᠤ᠂ ᠥᠪᠡᠷ ᠢ ᠪᠠᠨ ᠬᠠᠮᠢᠶᠠᠷᠬᠤ ᠦᠵᠡᠯ ᠤᠬᠠᠮᠰᠠᠷ ᠢ ᠨᠢ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠪᠠ ᠡᠭᠦᠷᠭᠡ ᠶᠢ ᠡᠭᠦᠷᠭᠡᠯᠡᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠬᠤ ᠬᠡᠷᠡᠭᠲᠡᠢ᠃    ᠲᠠᠪᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠨᠡᠶᠢᠭᠡᠮ ᠤᠨ ᠬᠢᠨᠠᠯᠲᠠ ᠲᠠᠯᠪᠢᠬᠤ᠂ ᠣᠯᠠᠨ ᠲᠦᠮᠡᠨ ᠤ ᠬᠢᠨᠠᠯᠲᠠ ᠲᠠᠯᠪᠢᠬᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢᠨ ᠲᠥᠯᠥᠭᠡ᠂ ᠨᠡᠶᠢᠭᠡᠮ ᠤᠨ ᠡᠯ᠎ᠡ ᠡᠲᠡᠭᠡᠳ ᠨᠢ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠬᠠᠤᠯᠢ ᠪᠤᠰᠤ ᠪᠠᠷ ᠮᠠᠯᠳᠠᠬᠤ᠂ ᠬᠤᠳᠠᠯᠳᠤᠨ ᠠᠪᠬᠤ᠂ ᠵᠦᠭᠡᠭᠡᠪᠦᠷᠢᠯᠡᠬᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ᠃ ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠰᠦᠪᠡᠭᠴᠢ ᠬᠠᠩᠭᠠᠭᠰᠠᠨ ᠢᠯᠡᠴᠢᠯᠡᠨ ᠮᠡᠳᠡᠭᠦᠯᠦᠭᠴᠢ ᠶᠢ ᠱᠠᠩᠨᠠᠨ ᠬᠥᠬᠢᠭᠦᠯᠵᠦ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠢᠯᠡᠴᠢᠯᠡᠨ ᠮᠡᠳᠡᠭᠦᠯᠦᠭᠴᠢ ᠶᠢᠨ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃ ᠬᠤᠯᠪᠣᠭᠳᠠᠯ ᠪᠦᠬᠦᠢ ᠰᠦᠪᠡᠭᠴᠢ ᠶᠢ ᠪᠠᠶᠢᠴᠠᠭᠠᠨ ᠲᠣᠳᠣᠯᠠᠭᠠᠳ ᠦᠨᠡᠨ ᠪᠣᠳᠠᠲᠠᠢ ᠪᠠᠶᠢᠪᠠᠯ᠂ ᠬᠡᠷᠡᠭ ᠢ ᠳᠠᠭᠤᠰᠬᠠᠭᠰᠠᠨ ᠤ ᠳᠠᠷᠠᠭ᠎ᠠ᠂ ᠨᠢᠭᠡᠳᠦᠭᠡᠷ ᠢᠯᠡᠴᠢᠯᠡᠨ ᠮᠡᠳᠡᠭᠦᠯᠦᠭᠴᠢ ᠶᠢ ᠵᠣᠬᠢᠬᠤ ᠬᠡᠮᠵᠢᠶ᠎ᠡ ᠪᠠᠷ ᠱᠠᠩᠨᠠᠨ ᠬᠥᠬᠢᠭᠦᠯᠦᠨ᠎ᠡ᠃   ᠬᠢᠨᠠᠯᠲᠠ ᠲᠠᠯᠪᠢᠵᠦ ᠢᠯᠡᠴᠢᠯᠡᠨ ᠮᠡᠳᠡᠭᠦᠯᠬᠦ 24 ᠴᠠᠭ ᠤᠨ ᠤᠲᠠᠰᠤ᠄   ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ 0479 ︱ 3524341   ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠄ 0479 ︱ 3954565   ᠪᠠᠶᠠᠨᠬᠤᠸᠠ ᠪᠠᠯᠭᠠᠰᠤ᠄ ᠬᠠᠢ ᠱᠠᠨ 13614896268   ᠬᠤᠭᠤᠯᠠᠳᠦ ᠶᠢᠨ ᠭᠤᠣᠯ ᠪᠠᠯᠭᠠᠰᠤ᠄ ᠦ᠋ ᠢᠦᠢ ᠺᠦᠨ 18047908078   ᠵᠢᠷ ᠤᠨ ᠭᠤᠣᠯ ᠪᠠᠯᠭᠠᠰᠤ᠄ ᠠᠯᠲᠠᠨᠪᠠᠭᠠᠨ᠎ᠠ 15047930076   ᠪᠠᠶᠠᠨᠬᠤᠰᠢᠭᠤ ᠰᠤᠮᠤ᠄  ᠰᠡᠷᠭᠦᠯᠡᠩ 13474793103   ᠭᠤᠷᠤᠬᠠᠨ ᠪᠠᠯᠭᠠᠰᠤ᠄ ᠸᠠᠩ ᡁᠢ ᠶᠦᠩ 15249574545   ᠤᠯᠠᠭᠠᠨ ᠬᠠᠭᠠᠯᠭ᠎ᠠ ᠰᠤᠮᠤ᠄ ᠬᠠᠰᠴᠢᠯᠠᠭᠤ 13947984486   ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠠᠪᠢᠨ ᠬᠠᠮᠢᠶᠠᠷᠤᠯᠲᠠ ᠶᠢᠨ ᠥᠷᠲᠡᠭᠡ᠄  ᠰᠡᠴᠡᠨᠳᠦ 13947927790   ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳ᠋ᠢᠶᠠᠨ ᠬᠠᠮᠢᠶᠠᠷᠤᠯᠲᠠ ᠶᠢᠨ ᠥᠷᠲᠡᠭᠡ᠄ ᠵᠠᠩ ᠶᠢᠨ ᠬᠤᠶ 13674892288   ᠣᠨᠴᠠᠭᠠᠶᠢᠯᠠᠨ ᠵᠠᠷᠯᠠᠪᠠ              ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                     2025 ᠣᠨ ᠤ 5 ᠰᠠᠷ᠎ᠠ ᠶᠢᠨ 28 ᠤ ᠡᠳᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号