ᠰᠢ ᠶᠢᠨ ᠫᠢᠩ ᠵᠠᠬᠢᠳᠠᠯ ᠢᠯᠡᠭᠡᠵᠦ ᠹᠦᠳᠠᠨ ᠶᠡᠭᠡ ᠰᠤᠷᠭᠠᠭᠤᠯᠢ ᠪᠠᠶᠢᠭᠤᠯᠤᠭᠳᠠᠭᠰᠠᠨ 120 ᠵᠢᠯ ᠤᠨ ᠤᠢ ᠳᠤ ᠪᠠᠶᠠᠷ ᠬᠦᠷᠭᠡᠪᠡ
ᠨᠡᠶᠢᠲᠡᠯᠡᠭᠰᠡᠨ ᠴᠠᠭ᠄
2025/5/30
  ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 26 ᠤ ᠴᠠᠭᠢᠯᠭᠠᠨ ᠮᠡᠳᠡᠭᠡ  ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 26 ᠤ ᠡᠳᠦᠷ ᠵᠠᠬᠢᠳᠠᠯ ᠢᠯᠡᠭᠡᠵᠦ ᠹᠦᠳᠠᠨ ᠶᠡᠭᠡ ᠰᠤᠷᠭᠠᠭᠤᠯᠢ ᠪᠠᠶᠢᠭᠤᠯᠤᠭᠳᠠᠭᠰᠠᠨ 120 ᠵᠢᠯ ᠤᠨ ᠣᠶ ᠳᠤ ᠪᠠᠶᠠᠷ ᠬᠦᠷᠭᠡᠵᠦ᠂ ᠪᠦᠭᠦ ᠪᠠᠭᠰᠢ ᠰᠣᠷᠣᠬᠴᠢ ᠠᠵᠢᠯᠲᠠᠨ ᠪᠣᠯᠣᠨ ᠥᠷᠭᠡᠨ ᠣᠯᠠᠨ ᠰᠤᠷᠭᠠᠭᠤᠯᠢ ᠶᠢᠨ ᠨᠠᠶᠢᠵᠠ ᠨᠠᠷ ᠲᠤ ᠬᠠᠯᠠᠭᠤᠨ ᠪᠠᠶᠠᠷ ᠬᠦᠷᠭᠡᠪᠡ᠃  ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ 120 ᠵᠢᠯ ᠤᠨ ᠲᠤᠷᠰᠢ ᠹᠦᠳᠠᠨ ᠶᠡᠭᠡ ᠰᠤᠷᠭᠠᠭᠤᠯᠢ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠢᠷᠠᠭᠤ ᠠᠯᠳᠠᠷᠲᠤ ᠤᠯᠤᠰ ᠢᠶᠠᠨ ᠬᠠᠶᠢᠷᠠᠯᠠᠬᠤ ᠤᠯᠠᠮᠵᠢᠯᠠᠯ ᠪᠠ ᠰᠢᠯᠢᠳᠡᠭ ᠰᠤᠷᠭᠠᠭᠤᠯᠢ ᠶᠢᠨ ᠰᠤᠷᠲᠠᠯ ᠢ ᠪᠦᠷᠢᠯᠳᠦᠭᠦᠯᠵᠦ᠂ ᠦᠯᠡᠮᠵᠢ ᠤᠯᠠᠨ ᠰᠢᠯᠢᠳᠡᠭ ᠴᠢᠳᠠᠪᠤᠷᠢᠲᠠᠨ ᠢ ᠬᠥᠮᠥᠵᠢᠭᠦᠯᠵᠦ᠂ ᠮᠠᠰᠢ ᠤᠯᠠᠨ ᠠᠩᠬᠠᠨ ᠤ ᠡᠭᠦᠳᠦᠯᠲᠡ ᠶᠢᠨ ᠴᠢᠨᠠᠷᠲᠠᠢ ᠦᠷ᠎ᠡ ᠪᠦᠲᠦᠭᠡᠯ ᠢ ᠡᠭᠦᠳᠴᠦ᠂ ᠤᠯᠤᠰ ᠤᠨ ᠪᠦᠲᠦᠭᠡᠨ ᠪᠠᠶᠢᠭᠤᠯᠤᠯᠲᠠ ᠪᠣᠯᠣᠨ ᠦᠨᠳᠦᠰᠦᠲᠡᠨ ᠤ ᠲᠠᠪᠰᠢᠯᠳᠠ ᠳᠤ ᠢᠳᠡᠪᠬᠢᠲᠡᠢ ᠦᠢᠯᠡᠳᠦᠯ ᠦᠵᠡᠭᠦᠯᠵᠡᠢ ᠭᠡᠵᠦ ᠵᠢᠭᠠᠵᠤ ᠭᠠᠷᠭᠠᠪᠠ᠃  ᠰᠢ ᠶᠢᠨ ᠫᠢᠩ᠂ ᠰᠢᠨ᠎ᠡ ᠭᠠᠷᠤᠭ᠎ᠠ ᠳᠡᠭᠡᠷ᠎ᠡ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠱᠤᠭᠤᠵᠤ ᠬᠥᠮᠥᠨ ᠬᠥᠮᠥᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠪᠡᠶ᠎ᠡ ᠪᠠᠨ ᠳᠠᠭᠠᠭᠠᠵᠤ ᠴᠢᠳᠠᠪᠤᠷᠢᠲᠠᠨ ᠬᠥᠮᠥᠵᠢᠭᠦᠯᠬᠦ ᠰᠠᠶᠢᠨ ᠰᠠᠶᠢᠬᠠᠨ ᠬᠤᠷᠰᠢᠯᠴᠠᠯ ᠢ ᠠᠬᠢᠭᠤᠯᠵᠤ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠮᠡᠳᠡᠯᠭᠡ ᠶᠢᠨ ᠰᠢᠨ᠎ᠡ ᠶᠢ ᠡᠭᠦᠳᠬᠦ᠂ ᠣᠨᠣᠯ ᠤᠨ ᠰᠢᠨ᠎ᠡ ᠶᠢ ᠡᠭᠦᠳᠬᠦ᠂ ᠠᠷᠭ᠎ᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠣᠯᠣᠨ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠲᠠᠰᠤᠷᠠᠯᠲᠠ ᠦᠭᠡᠢ ᠰᠢᠨ᠎ᠡ ᠬᠤᠪᠢ ᠨᠡᠮᠡᠷᠢ ᠦᠵᠡᠭᠦᠯᠭᠦ ᠶᠢ ᠹᠦᠳᠠᠨ ᠶᠡᠭᠡ ᠰᠤᠷᠭᠠᠭᠤᠯᠢ ᠶᠢᠨ ᠬᠢᠨ ᠳᠤ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃  ᠹᠦᠳᠠᠨ ᠶᠡᠭᠡ ᠰᠤᠷᠭᠠᠭᠤᠯᠢ 1905 ᠣᠨ ᠳᠤ ᠪᠠᠶᠢᠭᠤᠯᠤᠭᠳᠠᠵᠠᠢ᠃ 120 ᠵᠢᠯ ᠤᠨ ᠲᠤᠷᠰᠢ ᠹᠦᠳᠡᠨ ᠶᠡᠭᠡ ᠰᠤᠷᠭᠠᠭᠤᠯᠢ ︽ᠥᠷᠭᠡᠨ ᠮᠡᠳᠡᠯᠭᠡ ᠪᠠᠲᠤ ᠢᠲᠡᠭᠡᠯ ᠨᠢᠮᠪᠠᠢ ᠰᠤᠷᠤᠯᠴᠠᠯᠭ᠎ᠠ ᠨᠢᠭᠲᠠ ᠰᠡᠳᠬᠢᠬᠦᠢ︾ ᠭᠡᠬᠦ ᠰᠤᠷᠭᠠᠭᠤᠯᠢ ᠶᠢᠨ ᠰᠤᠷᠭᠠᠯ ᠢᠶᠠᠷ᠂ ᠴᠣᠯᠭᠤᠷᠠᠬᠤ ᠶᠢ ᠬᠥᠭᠡᠭᠡᠴᠡᠯᠳᠦᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠤᠯᠤᠰ ᠣᠷᠣᠨ ᠳᠤ ᠦᠯᠡᠮᠵᠢ ᠤᠯᠠᠨ ᠰᠢᠯᠢᠳᠡᠭ ᠴᠢᠳᠠᠪᠤᠷᠢᠲᠠᠨ ᠬᠥᠮᠥᠵᠢᠭᠦᠯᠵᠡᠢ᠃
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号