4 ᠰᠠᠷ᠎ᠠ ᠶᠢᠨ 30 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ 2025 ᠣᠨ ᠤ ᠡᠪᠯᠡᠯ ᠳᠤ ᠣᠷᠣᠬᠤ | ᠶᠣᠰᠣᠯᠠᠯ ᠬᠤᠰᠢᠭᠤ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠮᠡᠳᠡᠭᠦᠯᠦᠯᠲᠡ ᠶᠢᠨ | ᠲᠢᠩᠬᠢᠮ ᠳᠤ ᠶᠠᠪᠤᠭᠳᠠᠪᠠ᠃ 206 ᠨᠡᠷ᠎ᠡ ᠰᠢᠨ᠎ᠡ ᠡᠪᠯᠡᠯ ᠤᠨ ᠭᠡᠰᠢᠭᠦᠨ ᠳᠤᠮᠳᠠᠳᠤ ᠤᠯᠤᠰ ᠤᠨ ᠡᠪ ᠬᠠᠮᠲᠤ | ᠵᠠᠯᠠᠭᠤᠴᠤᠳ ᠤᠨ ᠡᠪᠯᠡᠯ ᠳᠤ ᠣᠷᠣᠬᠤ ᠪᠠᠷ ᠲᠥᠪ ᠴᠢᠩᠭ᠎ᠠ ᠪᠠᠷ ᠲᠠᠩᠭᠠᠷᠢᠭᠯᠠᠪᠠ᠃ | | ᠡᠪᠯᠡᠯ ᠳᠤ ᠣᠷᠣᠬᠤ ᠶᠣᠰᠣᠯᠠᠯ ᠰᠦᠷ ᠵᠢᠪᠬᠤᠯᠠᠩᠲᠤ ᠤᠯᠤᠰ ᠤᠨ ᠰᠦᠯᠳᠡ ᠲᠠᠭᠤᠨ ᠤ ᠳᠤᠮᠳᠠ ᠬᠥᠰᠢᠭᠡ ᠪᠠᠨ | ᠰᠠᠬᠦᠵᠦ᠂ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠠᠴᠠ ᠰᠢᠨ᠎ᠡ ᠡᠪᠯᠡᠯ ᠤᠨ ᠭᠡᠰᠢᠭᠦᠨ ᠤ ᠲᠥᠯᠥᠭᠡᠯᠡᠭᠴᠢᠳ ᠲᠤ | ᠡᠪᠯᠡᠯ ᠤᠨ ᠰᠦᠯᠳᠡ ᠶᠢ ᠵᠡᠬᠦᠯᠬᠡᠨ᠂ ᠡᠪᠯᠡᠯ ᠤᠨ ᠭᠡᠰᠢᠭᠦᠨ ᠤ ᠦᠨᠡᠮᠯᠡᠯ ᠣᠯᠭᠤᠵᠤ᠂ ᠵᠠᠯᠭᠠᠭᠠᠳ ᠪᠦᠬᠦ ᠡᠪᠯᠡᠯ ᠤᠨ | ᠭᠡᠰᠢᠭᠦᠳ ᠡᠪᠯᠡᠯ ᠤᠨ ᠲᠤᠭ ᠲᠤ ᠲᠥᠪ ᠴᠢᠩᠭ᠎ᠠ ᠪᠠᠷ ᠲᠠᠩᠭᠠᠷᠢᠭᠯᠠᠵᠤ᠂ ︽ᠡᠪ ᠬᠠᠮᠲᠤ ᠶᠢᠨ ᠦᠢᠯᠡᠰ ᠤᠨ ᠲᠥᠯᠥᠭᠡ | ᠲᠡᠮᠡᠴᠡᠶ᠎ᠡ︾ ᠭᠡᠰᠡᠨ ᠪᠠᠶᠢᠨ᠎ᠠ᠃ | | ᠰᠢᠨ᠎ᠡ ᠡᠪᠯᠡᠯ ᠤᠨ ᠭᠡᠰᠢᠭᠦᠨ ᠤ ᠲᠥᠯᠥᠭᠡᠯᠡᠭᠴᠢ᠂ ᠰᠢᠯᠢᠳᠡᠭ ᠡᠪᠯᠡᠯ ᠤᠨ ᠭᠡᠰᠢᠭᠦᠨ ᠤ ᠲᠥᠯᠥᠭᠡᠯᠡᠭᠴᠢ ᠠᠴᠠ ᠶᠠᠷᠢᠶ᠎ᠠ | ᠲᠠᠯᠪᠢᠵᠦ᠂ ᠬᠤᠶᠢᠰᠢᠳᠠ ᠴᠠᠭ ᠢᠮᠠᠭᠲᠠ ᠡᠪᠯᠡᠯ ᠤᠨ ᠭᠡᠰᠢᠭᠦᠨ ᠤ ᠪᠡᠶ᠎ᠡ ᠶᠢᠨ ᠭᠠᠷᠤᠯ ᠢᠶᠠᠨ ᠪᠠᠲᠤ ᠴᠡᠭᠡᠵᠢᠯᠡᠵᠦ᠂ ᠡᠪᠯᠡᠯ ᠤᠨ | ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠪᠯᠡᠯ ᠤᠨ ᠭᠡᠰᠢᠭᠦᠨ ᠤ ᠢᠷᠠᠭᠤ ᠠᠯᠳᠠᠷ ᠢᠶᠠᠨ ᠨᠠᠨᠳᠢᠩᠨᠠᠵᠤ᠂ | ᠵᠢᠱᠢᠶᠡᠴᠢ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠰᠠᠶᠢᠨ ᠵᠠᠯᠠᠭᠤᠴᠤᠳ ᠪᠣᠯᠬᠤ ᠪᠠᠷ | ᠴᠢᠷᠮᠠᠶᠢᠨ᠎ᠠ ᠭᠡᠵᠦ ᠢᠯᠡᠳᠬᠡᠵᠡᠢ᠃ | | ᠠᠵᠢᠯᠯᠠᠭ᠎ᠠ ᠠᠴᠠ ᠰᠢᠨ᠎ᠡ ᠡᠪᠯᠡᠯ ᠤᠨ ᠭᠡᠰᠢᠭᠦᠨ ᠢ ᠲᠠᠪᠤᠨ ᠰᠠᠷ᠎ᠠ ᠶᠢᠨ ᠳᠦᠷᠪᠡᠨ ᠤ ᠵᠣᠷᠢᠭ ᠰᠠᠨᠠᠭ᠎ᠠ ᠶᠢ ᠵᠠᠯᠭᠠᠮᠵᠢᠯᠠᠨ | ᠪᠠᠳᠠᠷᠠᠭᠤᠯᠵᠤ᠂ ᠤᠯᠤᠰ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠠᠬᠢᠭᠤᠯᠬᠤ ᠳᠤᠮᠳᠠ ᠭᠠᠪᠰᠢᠭᠠᠢ ᠠᠩᠭᠢ ᠪᠣᠯᠵᠤ᠂ ᠵᠠᠯᠠᠭᠤ ᠨᠠᠰᠤᠨ ᠤ ᠴᠤᠭ ᠵᠢᠪᠬᠤᠭ᠎ᠠ ᠪᠠᠨ ᠪᠠᠳᠠᠷᠠᠭᠤᠯᠵᠤ᠂ | ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠬᠦᠬᠦ ᠬᠡᠷᠡᠭᠳᠡᠢ ᠬᠡᠵᠦ ᠵᠤᠷᠢᠭᠵᠢᠭᠤᠯᠪᠠ᠃᠃ | ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠦᠢᠯᠡᠴᠢᠯᠡᠭᠡᠨ ᠤ ᠲᠥᠪ᠂ ᠡᠯ᠎ᠡ ᠳᠤᠮᠳᠠᠳᠤ ᠰᠤᠷᠭᠠᠭᠤᠯᠢ ᠶᠢᠨ ᠬᠠᠮᠢᠶ᠎ᠠ ᠪᠦᠬᠦᠢ ᠤᠳᠤᠷᠢᠳᠤᠯᠭ᠎ᠠ ᠲᠣᠰ ᠠᠵᠢᠯᠯᠠᠭ᠎ᠠ ᠳᠤ | ᠣᠷᠣᠯᠴᠠᠵᠠᠢ᠃ | | |