ᠪᠦᠦ ᠯᠢᠨ ︽5·1︾  ᠤ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠵᠢᠴᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠡᠷᠭᠡ ᠠᠵᠢᠯ ᠢ ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2025/5/6
    5 ᠰᠠᠷ᠎ᠠ ᠶᠢᠨ 2 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠪᠦᠦ ᠯᠢᠨ ᠪᠠᠷᠠᠭᠤᠨ ᠦᠵᠦᠮᠦᠴᠢᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠦᠢᠯᠡᠴᠢᠯᠡᠭᠡᠨ ᠤ ᠲᠥᠪ᠂ ᠠᠵᠠᠲᠠᠶ ᠰᠤᠪᠢᠯᠠᠯᠲᠠ ᠶᠢᠨ ᠬᠦᠷᠢᠶᠡᠯᠡᠩ᠂ ᠰᠢᠯᠢ ᠶᠢᠨ ᠭᠤᠣᠯ ᠤᠨ  ᠠᠨ ᠱᠦᠨ ᠲᠡᠭᠡᠭᠡᠪᠦᠷᠢ ᠶᠢᠨ ᠬᠢᠵᠠᠭᠠᠷᠲᠤ ᠺᠣᠮᠫᠠᠨᠢ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠠᠮᠠᠷᠠᠯᠲᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠵᠢᠴᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠵᠢᠯᠣᠭᠤᠳᠪᠠ᠃     ᠪᠠᠷᠠᠭᠤᠨ ᠦᠵᠦᠮᠦᠴᠢᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠦᠢᠯᠡᠴᠢᠯᠡᠭᠡᠨ ᠤ ᠲᠥᠪ ᠲᠤ᠂ ᠪᠦᠦ ᠯᠢᠨ ᠸᠢᠳᠢᠣ᠋ ᠬᠢᠨᠠᠨ ᠡᠵᠡᠮᠳᠡᠬᠦ ᠲᠠᠪᠴᠠᠩ ᠢᠶᠠᠷ ᠳᠠᠮᠵᠢᠭᠤᠯᠤᠨ ᠭᠠᠯ ᠰᠡᠷᠭᠡᠶᠢᠯᠡᠬᠦ ᠭᠤᠣᠯᠳᠠᠯᠭ᠎ᠠ ᠲᠠᠢ ᠣᠷᠣᠨ ᠪᠦᠰᠡ ᠶᠢᠨ ᠵᠢᠷᠤᠭ ᠳᠦᠷᠰᠦ ᠶᠢ ᠪᠠᠶᠢᠴᠠᠭᠠᠨ ᠦᠵᠡᠵᠦ᠂ ᠰᠡᠷᠡᠮᠵᠢ ᠶᠢᠨ ᠳᠣᠬᠢᠶ᠎ᠠ ᠶᠢ ᠰᠢᠢᠳᠪᠦᠷᠢᠯᠡᠬᠦ ᠰᠢᠰᠲ᠋ᠧᠮ ᠵᠢᠴᠢ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠵᠡᠷᠭᠡ ᠶᠢ ᠣᠶᠢᠯᠠᠭᠠᠭᠰᠠᠨ ᠪᠥᠭᠡᠳ ︽5.1︾ ᠤ ᠠᠮᠠᠷᠠᠯᠲᠠ ᠶᠢᠨ ᠬᠤᠭᠤᠴᠠᠭᠠᠨ ᠤ ᠭᠠᠯ ᠰᠡᠷᠭᠡᠶᠢᠯᠡᠬᠦ ᠬᠦᠴᠦᠨ ᠤ ᠪᠠᠶᠢᠷᠢᠯᠠᠭᠤᠯᠤᠯᠲᠠ᠂ ᠵᠢᠵᠢᠭᠦᠷ ᠡᠭᠡᠯᠵᠢ ᠶᠢᠨ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠵᠢᠴᠢ ᠭᠠᠯ ᠰᠡᠷᠭᠡᠶᠢᠯᠡᠬᠦ ᠡᠳ᠋ ᠪᠣᠳᠠᠰ ᠤᠨ ᠨᠥᠭᠡᠴᠡᠯᠡᠯᠲᠡ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠠᠢ᠃ ᠲᠡᠷᠡ ᠴᠢᠬᠤᠯᠠᠴᠢᠯᠠᠬᠤ ᠳᠠᠭᠠᠨ᠂ ᠭᠠᠯ ᠰᠡᠷᠭᠡᠶᠢᠯᠡᠬᠦ ᠡᠷᠴᠢᠮ ᠢ ᠴᠠᠭ ᠢᠮᠠᠭᠲᠠ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠠᠲᠤᠳᠬᠠᠵᠤ᠂ 24 ᠴᠠᠭ ᠢᠶᠠᠷ ᠠᠵᠢᠯ ᠤᠨ ᠪᠠᠶᠢᠷᠢ ᠶᠢ ᠰᠠᠬᠢᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠮᠡᠳᠡᠭᠡ ᠵᠠᠩᠭᠢ ᠶᠢ ᠴᠠᠭ ᠲᠤᠬᠠᠢ ᠳᠤᠨᠢ ᠣᠨᠣᠪᠴᠢᠲᠠᠢ ᠳᠠᠮᠵᠢᠭᠤᠯᠬᠤ ᠶᠢ ᠪᠠᠲᠤᠯᠠᠵᠤ᠂ ᠭᠡᠮ ᠰᠣᠭᠤᠭ ᠢ ᠪᠦᠬᠦᠨ ᠢ  ᠠᠷᠢᠯᠭᠠᠨ᠂ ᠭᠠᠯ ᠤᠨ ᠠᠶᠤᠯ ᠢ ᠴᠢᠩᠭ᠎ᠠ ᠰᠡᠷᠭᠡᠶᠢᠯᠡᠵᠦ᠂ ᠲᠠᠨᠢᠯᠲᠠ ᠪᠠᠨ ᠪᠠᠲᠤᠳᠬᠠᠨ᠂ ᠬᠠᠷᠢᠭᠤᠴᠠᠯᠭ᠎ᠠ ᠪᠠᠨ ᠭᠦᠢᠴᠡᠳᠬᠡᠵᠦ᠂  ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠡᠢ᠃     ᠠᠵᠠᠳᠠᠢ ᠰᠤᠪᠢᠯᠠᠯᠲᠠ ᠶᠢᠨ ᠬᠦᠷᠢᠶᠡᠯᠡᠩ ᠳᠤ᠂ ᠪᠦᠦ ᠯᠢᠨ ᠭᠠᠯ ᠤᠨᠲᠠᠷᠠᠭᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ᠂ ᠭᠠᠷᠬᠤ ᠵᠠᠮ ᠱᠤᠭᠤᠮ ᠤᠨ ᠢᠯᠡᠳᠬᠡᠮᠵᠢ ᠵᠢᠴᠢ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ  ᠶᠢᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠪᠡ᠃ ᠲᠡᠷᠡ ᠵᠢᠭᠠᠵᠤ ᠭᠠᠷᠭᠠᠭᠰᠠᠨ ᠨᠢ᠂ ᠠᠵᠠᠲᠠᠶ ᠰᠤᠪᠢᠯᠠᠯᠲᠠ ᠶᠢᠨ ᠬᠦᠷᠢᠶᠡᠯᠡᠩ ᠨᠢ ᠬᠥᠮᠥᠨ ᠣᠯᠠᠨ ᠴᠤᠭᠯᠠᠷᠠᠳᠠᠭ ᠭᠠᠵᠠᠷ ᠪᠣᠯᠤᠭᠰᠠᠨ ᠤ ᠬᠤᠪᠢ ᠳᠤ ᠭᠠᠯ ᠤᠨᠲᠠᠷᠠᠭᠠᠬᠤ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠯᠢᠶᠣᠤᠨᠢᠩ ᠤᠨ ᠯᠢᠶᠤᠤᠶᠠᠩ ᠤᠨ ︽4.29︾ ᠤ ᠭᠠᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠭᠠᠯ ᠤᠨᠲᠠᠷᠠᠭᠠᠬᠤ ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠵᠠᠩᠭᠢᠯᠠᠭ᠎ᠠ ᠶᠢᠨ ᠦᠶ᠎ᠡ ᠳᠤ ᠬᠡᠪ ᠤᠨ ᠶᠣᠰᠣᠭᠠᠷ ᠬᠡᠷᠡᠭᠯᠡᠵᠦ ᠪᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠢᠨᠠᠨ ᠬᠠᠮᠢᠶᠠᠷᠬᠤ ᠨᠢᠭᠡᠴᠡ ᠨᠢ ᠢᠳᠡᠭᠡᠨ ᠤᠮᠳᠠᠭᠠᠨ ᠤ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ᠂ ᠡᠳ᠋ᠰᠢᠭᠦᠯᠦᠨ ᠦᠢᠯᠡᠳᠬᠦ ᠵᠡᠷᠭᠡ ᠭᠤᠨ᠋ᠠᠴᠤᠭ᠎ᠠ ᠶᠢ ᠴᠢᠩᠭ᠎ᠠ ᠠᠳᠬᠤᠵᠤ᠂ ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠡᠢ᠃      ᠪᠦᠦ ᠯᠢᠨ ᠰᠢᠯᠢ ᠶᠢᠨ ᠭᠤᠣᠯ ᠤᠨ ᠠᠨ ᠱᠦᠨ ᠲᠡᠭᠡᠭᠡᠪᠦᠷᠢ ᠶᠢᠨ ᠬᠢᠵᠠᠭᠠᠷᠲᠤ ᠺᠣᠮᠫᠠᠨᠢ ︵ᠪᠠᠷᠠᠭᠤᠨ ᠦᠵᠦᠮᠦᠴᠢᠨ ᠬᠤᠰᠢᠭᠤᠨ ᠤ ᠬᠤᠯᠠ ᠵᠠᠮ ᠤᠨ ᠮᠠᠰᠢᠨ ᠲᠡᠷᠭᠡᠨ ᠤ ᠦᠷᠳᠡᠭᠡ︶ ᠶᠢᠨ ᠲᠡᠷᠭᠡ ᠬᠦᠯᠢᠶᠡᠬᠦ ᠲᠠᠩᠬᠢᠮ ᠳᠤ ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ ᠵᠢᠴᠢ ᠲᠡᠭᠡᠭᠡᠪᠦᠷᠢ ᠶᠢᠨ ᠪᠠᠶᠢᠳᠠᠯ᠂ ᠠᠶᠠᠨᠴᠢᠳ ᠤᠨ ᠪᠠᠶᠢᠳᠠᠯ ᠢ ᠪᠠᠶᠢᠴᠠᠭᠠᠨ ᠦᠵᠡᠵᠦ᠂ ᠲᠡᠷᠭᠡᠨ  ᠥᠷᠲᠡᠭᠡᠨ ᠤ ︽5·1︾ ᠤ ᠬᠤᠭᠤᠴᠠᠭᠠᠨ ᠳᠠᠬᠢ ᠲᠡᠭᠡᠭᠡᠪᠦᠷᠢ ᠶᠢᠨ ᠬᠦᠴᠦᠨ ᠤ ᠲᠣᠬᠢᠷᠠᠭᠤᠯᠤᠯᠲᠠ᠂ ᠡᠭᠡᠯᠵᠢ ᠳᠠᠷᠠᠭ᠎ᠠ ᠶᠢᠨ ᠲᠣᠬᠢᠷᠠᠭᠤᠯᠤᠯᠲᠠ ᠵᠡᠷᠭᠡ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠯᠠᠪᠯᠠᠨ ᠠᠰᠠᠭᠤᠪᠠ᠃ ᠲᠡᠷᠡ ᠴᠢᠬᠤᠯᠠᠴᠢᠯᠠᠭᠰᠠᠨ ᠨᠢ᠂ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ   ᠶᠢᠨ ᠬᠤᠭᠤᠴᠠᠭ᠎ᠠ ᠪᠣᠯ ᠣᠯᠠᠨ ᠲᠦᠮᠡᠨ ᠤ ᠶᠠᠪᠤᠵᠤ ᠰᠠᠭᠤᠬᠤ ᠣᠷᠭᠢᠯ ᠬᠤᠭᠤᠴᠠᠭ᠎ᠠ ᠮᠥᠨ᠂ ᠲᠡᠷᠭᠡᠨ ᠥᠷᠲᠡᠭᠡ ᠨᠢ ᠲᠡᠭᠡᠭᠡᠪᠦᠷᠢ ᠶᠢᠨ ᠬᠦᠴᠦᠨ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠡᠭᠡᠯᠵᠢ ᠳᠠᠷᠠᠭ᠎ᠠ ᠶᠢ ᠵᠣᠬᠢᠰᠲᠠᠢ ᠲᠣᠬᠢᠷᠠᠭᠤᠯᠵᠤ᠂ ᠠᠶᠠᠨᠴᠢᠳ ᠤᠨ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠬᠤ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号