ᠪᠠᠷᠠᠭᠤᠨ ᠦᠵᠦᠮᠦᠴᠢᠨ ᠬᠤᠰᠢᠭᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠤᠱᠯᠠᠭᠤᠯᠵᠤ | ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠤᠲᠤᠭ ᠪᠡᠯᠴᠢᠭᠡᠷ ᠤᠨ ᠲᠠᠭᠠᠭᠠᠴᠠ ᠠᠴᠠ | ᠬᠡᠳᠦᠷᠡᠳᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠠᠷᠭ᠎ᠠ ᠵᠠᠮ ᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ | ᠲᠦᠯᠦᠪᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ᠂ ᠠᠵᠤ ᠦᠢᠯᠡᠰ ᠤᠨ ᠲᠡᠰ ᠲᠡᠪᠰᠢᠯᠳᠡ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠵᠡᠷᠭᠡ ᠲᠠᠯ᠎ᠠ ᠠᠴᠠ ᠭᠠᠷᠳᠠᠵᠤ ︽8820︾ ᠰᠢᠨ᠎ᠡ ᠠᠵᠢᠯ ᠤᠨ ᠵᠠᠭᠪᠤᠷ ᠢ ᠰᠦᠪᠡᠭᠴᠢᠯᠡᠨ | ᠬᠡᠷᠡᠭᠵᠢᠭᠦᠯᠵᠦ᠂ ᠲᠠᠭᠠᠭᠠᠴᠠ ᠠᠴᠠ ᠬᠡᠳᠦᠷᠡᠳᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠨ ᠨᠤᠲᠤᠭ ᠪᠡᠯᠴᠢᠭᠡᠷ ᠤᠨ ᠠᠮᠢ | ᠠᠬᠤᠢ ᠶᠢ ᠬᠠᠮᠠᠭᠠᠯᠠᠵᠦ ᠪᠠᠶᠢᠨ᠎ᠠ᠃ | ᠮᠠᠯᠴᠢᠨ ᠵᠠᠶᠠᠭ᠎ᠠ ᠮᠠᠯ ᠠᠵᠤ ᠠᠬᠤᠢ ᠶᠢᠨ ᠬᠤᠷᠰᠢᠶᠠᠵᠢᠯ ᠪᠣᠯ ᠪᠠᠷᠠᠭᠤᠨ ᠦᠵᠦᠮᠦᠴᠢᠨ ᠬᠤᠰᠢᠭᠤᠨ ᠤ ᠨᠠᠶᠢᠳᠠᠨ | ᠲᠡᠵᠢᠭᠡᠭᠦ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠴᠣᠭᠴᠠ ᠪᠤᠯᠬᠤ ᠶᠤᠮ᠃ ᠲᠤᠰ ᠬᠤᠷᠰᠢᠶᠠᠵᠢᠯ ᠨᠢ ᠣᠶᠢᠷ᠎ᠠ ᠳᠤ ᠨᠠᠶᠢᠳᠠᠨ | ᠲᠡᠵᠢᠭᠡᠵᠦ ᠪᠤᠷᠳᠤᠬᠤ ᠠᠵᠢᠯ ᠢᠶᠠᠨ ᠡᠬᠢᠯᠡᠬᠦᠯᠵᠦ᠂ ᠡᠯ᠎ᠡ ᠰᠤᠮᠤ ᠪᠠᠯᠭᠠᠰᠤᠨ ᠠᠴᠠ ᠮᠠᠯᠴᠢᠳ ᠪᠤᠷᠳᠤᠨ ᠲᠡᠵᠢᠭᠡᠯᠭᠡᠬᠦ | ᠲᠤᠭᠤᠯ ᠢᠶᠠᠨ ᠬᠦᠷᠭᠡᠵᠦ ᠢᠷᠡᠵᠦ ᠪᠠᠶᠢᠯ᠎ᠠ᠃ | ᠪᠦᠬᠦ ᠣᠷᠣᠨ ᠤ ᠨᠤᠲᠤᠭ ᠪᠡᠯᠴᠢᠭᠡᠷ ᠤᠨ ᠲᠠᠭᠠᠭᠠᠴᠠ ᠠᠴᠠ ᠬᠡᠳᠦᠷᠡᠳᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ | ᠲᠤᠷᠰᠢᠯᠲᠠ ᠶᠢᠨ ᠠᠵᠢᠯ ᠡᠬᠢᠯᠡᠭᠰᠡᠨ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤ ᠨᠢ ᠮᠠᠯ ᠠᠵᠤ ᠠᠬᠤᠢ ᠶᠢᠨ | ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠠᠴᠠ ᠭᠠᠷᠳᠠᠨ ︽8820︾ ᠠᠵᠢᠯ ᠤᠨ ᠵᠠᠭᠪᠤᠷ ᠢ ᠰᠦᠪᠡᠭᠴᠢᠯᠡᠨ | ᠬᠡᠷᠡᠭᠵᠢᠭᠦᠯᠵᠦ᠂ 7 ᠵᠦᠢᠯ ᠤᠨ ᠲᠠᠭᠠᠭᠠᠴᠠ ᠠᠴᠠ ᠬᠡᠳᠦᠷᠡᠳᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠶᠢᠨ ᠬᠠᠮᠲᠤ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠤᠰᠢᠭᠤᠨ ᠤ | ᠡᠳ᠋ ᠤᠨ ᠵᠠᠰᠠᠭ ᠠᠴᠠ 6580 ᠲᠦᠮᠡᠨ ᠲᠥᠭᠦᠷᠢᠭ᠂ ᠭᠠᠴᠠᠭᠠᠨ ᠤ ᠬᠠᠮᠲᠤ ᠶᠢᠨ ᠪᠡᠯᠡ ᠮᠦᠩᠭᠦ 874 ᠲᠦᠮᠡᠨ | ᠲᠥᠭᠦᠷᠢᠭ᠂ ᠨᠡᠶᠢᠭᠡᠮ ᠤᠨ ᠪᠡᠯᠡ ᠣᠷᠣᠭᠤᠯᠤᠯᠲᠠ 3600 ᠲᠦᠮᠡᠨ ᠲᠥᠭᠦᠷᠢᠭ ᠤᠷᠤᠭᠤᠯᠵᠤ᠂ ᠮᠠᠯᠵᠢᠬᠤ ᠡᠷᠦᠬᠡ ᠶᠢ | ᠬᠦᠳᠦᠯᠦᠨ ᠵᠢᠯᠤᠭᠤᠳᠴᠤ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠬᠡᠯᠪᠡᠷᠢ ᠶᠢ ᠨᠢ ᠰᠠᠶᠢᠵᠢᠷᠠᠭᠤᠯᠤᠨ ᠳᠠᠭᠠᠭᠠᠴᠠ ᠠᠴᠠ | ᠬᠡᠲᠦᠷᠡᠭᠰᠡᠨ ᠮᠠᠯ ᠢ ᠨᠢ ᠵᠤᠬᠢᠰᠳᠠᠢ ᠰᠢᠢᠳᠪᠦᠷᠢᠯᠡᠬᠦ ᠠᠷᠭ᠎ᠠ ᠵᠠᠮ ᠤᠯᠭᠤᠪᠠ᠃ ᠣᠶᠢᠯᠠᠭᠠᠭᠰᠠᠨ ᠢᠶᠠᠷ᠂ ︽8820︾ | ᠠᠵᠢᠯ ᠤᠨ ᠵᠠᠭᠪᠤᠷ ᠲᠤ ᠪᠥᠬᠦ ᠵᠢᠯ ᠢᠶᠠᠷ ᠪᠡᠯᠴᠢᠭᠡᠷᠯᠡᠭᠦᠯᠬᠦ ᠶᠢ ᠵᠤᠠᠠᠰᠤᠭᠠᠵᠦ ᠬᠠᠰᠢᠶᠠᠯᠠᠨ ᠲᠡᠵᠢᠭᠡᠬᠦ᠂ ᠨᠠᠶᠢᠳᠠᠨ | ᠬᠠᠮᠢᠶᠠᠷᠤᠭᠤᠯᠵᠤ ᠣᠷᠣᠯᠠᠨ ᠲᠡᠵᠢᠭᠡᠬᠦ᠂ ᠭᠡᠷ ᠪᠦᠯᠢ ᠶᠢᠨ ᠮᠠᠯᠵᠢᠯ ᠤᠨ ᠲᠠᠯᠠᠪᠠᠶ ᠪᠠᠶᠢᠭᠤᠯᠬᠤ ᠵᠡᠷᠭᠡ ︽8 ᠵᠠᠭᠪᠤᠷ︾᠂ | ᠦᠬᠡᠷ ᠤᠨ ᠠᠵᠤ ᠦᠢᠯᠡᠰ᠂ ᠬᠤᠨᠢᠨ ᠤ ᠠᠵᠤ ᠦᠢᠯᠡᠰ᠂ ᠲᠡᠵᠢᠭᠡᠯ ᠡᠪᠡᠰᠦᠨ ᠤ ᠠᠵᠤ ᠦᠢᠯᠡᠰ ᠵᠡᠷᠭᠡ ︽8 ᠶᠡᠭᠡ | ᠠᠵᠢᠯᠯᠠᠭ᠎ᠠ︾ ᠪᠠ ᠤᠷᠢᠳᠴᠢᠯᠠᠨ ᠪᠤᠷᠤᠯᠠᠭᠤᠯᠬᠤ᠂ ᠰᠠᠶᠢᠨ ᠡᠭᠦᠯᠳᠡᠷ ᠤᠨ ᠨᠥᠬᠦᠪᠦᠷᠢ ᠤᠯᠭᠤᠬᠤ᠂ ᠲᠡᠵᠢᠭᠡᠨ ᠦᠰᠬᠡᠬᠦ | ᠰᠠᠭᠤᠷᠢᠨ ᠪᠠᠶᠢᠭᠤᠯᠬᠤ᠂ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠵᠡᠷᠭᠡ ︽20 ᠵᠦᠢᠯ ᠤᠨ ᠪᠣᠳᠠᠲᠠᠢ ᠠᠷᠭ᠎ᠠ | ᠬᠡᠮᠵᠢᠶ᠎ᠡ︾ ᠶᠢ ᠬᠡᠷᠡᠭᠵᠢᠭᠦᠯᠦᠨ ᠨᠤᠲᠤᠭ ᠪᠡᠯᠴᠢᠭᠡᠷ ᠤᠨ ᠲᠠᠭᠠᠭᠠᠴᠠ ᠠᠴᠠ ᠬᠡᠳᠦᠷᠡᠳᠡᠯ᠎ᠡ ᠮᠠᠯᠵᠢᠬᠤ ᠠᠰᠠᠭᠤᠳᠠᠯ ᠢ | ᠰᠢᠢᠳᠪᠦᠷᠢᠯᠡᠬᠦ ᠠᠵᠢᠯ ᠢ ᠯᠠᠪᠳᠠᠭᠤᠨ ᠢᠶᠠᠷ ᠠᠬᠢᠭᠤᠯᠬᠤ ᠪᠤᠯᠤᠨ᠎ᠠ᠃ | ᠨᠤᠲᠤᠭ ᠪᠡᠯᠴᠢᠭᠡᠷ ᠤᠨ ᠲᠠᠭᠠᠭᠠᠴᠠ ᠠᠴᠠ ᠬᠡᠳᠦᠷᠡᠳᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠪᠣᠳᠠᠲᠠᠢ ᠠᠵᠢᠯ | ᠳᠤᠮᠳᠠ᠂ ᠪᠠᠷᠠᠭᠤᠨ ᠦᠵᠦᠮᠦᠴᠢᠨ ᠬᠤᠰᠢᠭᠤ ᠨᠢ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠴᠣᠭᠴᠠ ᠶᠢ ᠪᠠᠶᠢᠭᠤᠯᠤᠨ ︽ | ᠡᠷᠦᠬᠡ ᠳᠤ ᠦᠰᠬᠡᠵᠦ ᠠᠵᠤ ᠠᠬᠤᠶᠢᠯᠠᠯ ᠳᠤ ᠪᠣᠶᠢᠵᠢᠭᠤᠯᠬᠤ᠂ ᠲᠣᠯᠣᠭᠠᠶᠢᠯᠠᠨ ᠡᠳ᠋ᠰᠢᠭᠦᠯᠬᠦ᠂ ᠣᠯᠠᠨ ᠡᠰᠢᠵᠢᠭᠦᠯᠦᠨ | ᠬᠤᠯᠪᠣᠬᠤ︾ ᠵᠠᠭᠪᠤᠷ ᠪᠠᠷ ᠦᠬᠡᠷ ᠤᠨ ᠠᠵᠤ ᠦᠢᠯᠡᠰ ᠤᠨ ᠬᠡᠯᠬᠢᠶᠡᠵᠢᠯ ᠢ ᠤᠷᠳᠤᠳᠬᠠᠪᠠ᠃ 2024 ᠣᠨ ᠳᠤ ᠲᠣᠰ | ᠬᠤᠰᠢᠭᠤ 12 ᠲᠡᠵᠢᠭᠡᠨ ᠦᠷᠡᠵᠢᠭᠦᠯᠬᠦ ᠲᠣᠭᠤᠷᠢᠭ ᠢ ᠪᠠᠶᠢᠭᠤᠯᠤᠨ 3000 ᠭᠠᠷᠤᠢ ᠦᠬᠡᠷ ᠪᠤᠷᠳᠤᠨ ᠲᠡᠵᠢᠭᠡᠵᠦ᠂ | ᠮᠠᠯᠴᠢᠳ ᠤᠨ ᠳᠠᠭᠠᠭᠠᠴᠠ ᠠᠴᠠ ᠬᠡᠲᠦᠷᠡᠭᠰᠡᠨ ᠮᠠᠯ ᠢ ᠰᠠᠯᠭᠠᠨ ᠮᠠᠯᠵᠢᠬᠤ ᠤᠷᠤᠨ ᠵᠠᠢ ᠬᠠᠩᠭᠠᠪᠠ᠃ ᠮᠠᠯᠵᠢᠬᠤ ᠡᠷᠦᠬᠡ ᠶᠢᠨ | ᠣᠯᠠᠨ ᠡᠰᠢᠵᠢᠭᠰᠡᠨ ᠭᠡᠷ ᠪᠦᠯᠢ ᠶᠢᠨ ᠮᠠᠯᠵᠢᠯ ᠤᠨ ᠲᠠᠯᠠᠪᠠᠶ ᠪᠠᠶᠢᠭᠤᠯᠬᠤ ᠶᠢ ᠵᠣᠷᠢᠭᠵᠢᠭᠤᠯᠵᠤ᠂ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠪᠠᠷ ᠪᠠᠷᠢᠮᠵᠢᠶ᠎ᠠ ᠪᠣᠯᠭᠠᠨ ᠡᠷᠦᠬᠡ ᠪᠦᠷᠢ ᠶᠢ 1 ᠲᠦᠮᠡᠨ ᠲᠥᠭᠦᠷᠢᠭ ᠢᠶᠠᠷ ᠱᠠᠩᠨᠠᠵᠤ᠂ ᠨᠡᠶᠢᠲᠡ | 433 ᠮᠠᠯᠵᠢᠯ ᠤᠨ ᠲᠠᠯᠠᠪᠠᠢ ᠳᠤ ᠱᠠᠩᠨᠠᠯ ᠤᠨ ᠮᠥᠩᠭᠦ ᠤᠯᠭᠤᠪᠠ᠃ ᠡᠭᠦᠨ ᠤ ᠬᠠᠮᠳᠤ᠂ ᠡᠷᠳᠡ ᠶᠢᠨ ᠲᠦᠯ ᠳᠤ | ᠨᠥᠬᠦᠪᠦᠷᠢ ᠤᠯᠭᠤᠬᠤ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠡᠪᠦᠯ ᠤᠨ ᠬᠤᠷᠠᠭ᠎ᠠ ᠪᠠ ᠬᠠᠪᠤᠷ ᠡᠷᠲᠡ ᠶᠢᠨ | ᠬᠤᠷᠠᠭ᠎ᠠ ᠶᠢᠨ ᠭᠠᠷᠭᠠᠯᠲᠠ ᠶᠢᠨ ᠡᠷᠴᠢᠮ ᠢ ᠴᠢᠩᠭᠠᠷᠠᠭᠤᠯᠤᠨ 7.66 ᠲᠦᠮᠡᠨ ᠬᠤᠷᠠᠭ᠎ᠠ ᠶᠢ ᠡᠷᠲᠡ ᠪᠤᠷᠤᠯᠠᠭᠤᠯᠵᠤ᠂ 683. | 9 ᠲᠦᠮᠡᠨ ᠲᠥᠭᠦᠷᠢᠭ ᠤᠨ ᠨᠥᠬᠦᠪᠦᠷᠢ ᠪᠠᠭᠤᠯᠭᠠᠨ ︽ᠮᠠᠯ ᠪᠠᠭᠠᠰᠤᠭᠰᠠᠨ ᠴᠦ ᠤᠷᠤᠯᠭ᠎ᠠ ᠶᠢ ᠪᠠᠭᠤᠷᠠᠭᠤᠯᠬᠤ ᠦᠭᠡᠢ | ᠪᠠᠶᠢᠬᠤ︾ ᠬᠠᠷᠠᠯᠲᠠ ᠶᠢ ᠪᠡᠶᠡᠯᠡᠭᠦᠯᠪᠡ᠃ | ᠨᠤᠲᠤᠭ ᠪᠡᠯᠴᠢᠭᠡᠷ ᠤᠨ ᠲᠠᠭᠠᠭᠠᠴᠠ ᠠᠴᠠ ᠬᠡᠳᠦᠷᠡᠳᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠪᠣᠯ ᠤᠯᠤᠰ | ᠲᠥᠷᠥ ᠶᠢᠨ ᠡᠭᠦᠷᠭᠡ ᠮᠦᠷᠳᠡᠭᠡᠨ ᠠᠮᠢ ᠠᠬᠤᠢ ᠶᠢᠨ ᠢᠨᠵᠧᠨᠧᠷᠢᠩ᠂ ᠠᠷᠠᠳ ᠤᠨ ᠠᠮᠢᠳᠤᠷᠠᠯ ᠤᠨ ᠢᠨᠵᠧᠨᠧᠷᠢᠩ ᠪᠤᠯᠬᠤ | ᠶᠤᠮ᠃ ᠪᠠᠷᠠᠭᠤᠨ ᠦᠵᠦᠮᠦᠴᠢᠨ ᠬᠤᠰᠢᠭᠤ ᠣᠯᠠᠨ ᠲᠠᠯ᠎ᠠ ᠶᠢᠨ ᠡᠷᠴᠢᠮᠳᠡᠢ ᠠᠷᠭ᠎ᠠ ᠬᠡᠮᠵᠢᠶ᠎ᠡ ᠠᠪᠴᠤ᠂ ᠨᠤᠲᠤᠭ | ᠪᠡᠯᠴᠢᠭᠡᠷ ᠤᠨ ᠲᠠᠭᠠᠭᠠᠴᠠ ᠠᠴᠠ ᠬᠡᠳᠦᠷᠡᠳᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠢᠯᠡᠳᠲᠡ ᠦᠷ᠎ᠡ | ᠪᠦᠲᠦᠮᠵᠢ ᠣᠯᠵᠤ᠂ ᠪᠠᠶᠢᠭᠠᠯᠢᠯᠢᠭ ᠨᠤᠲᠤᠭ ᠪᠡᠯᠴᠢᠭᠡᠷ ᠤᠨ ᠮᠠᠯ ᠪᠡᠯᠴᠢᠭᠡᠷ ᠤᠨ ᠲᠡᠩᠴᠡᠭᠦᠷᠢ ᠶᠢᠨ ᠵᠢᠭᠠᠯᠲᠠ ᠲᠤᠭ᠎ᠠ ᠶᠢ | 10% ᠠᠴᠠ ᠳᠣᠷᠣᠭᠰᠢ ᠪᠣᠯᠲᠠᠯ᠎ᠠ ᠪᠠᠭᠤᠷᠠᠭᠤᠯᠵᠤ᠂ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠶᠢ ᠲᠡᠰ | ᠲᠡᠪᠰᠢᠭᠦᠯᠦᠨ ᠠᠮᠢ ᠠᠬᠤᠢ ᠶᠢᠨ ᠨᠣᠭᠤᠭᠠᠨ ᠬᠠᠯᠬᠠᠪᠴᠢ ᠶᠢ ᠴᠤᠠᠠᠴᠠᠯᠠᠵᠦ ᠪᠠᠶᠢᠨ᠎ᠠ᠃ | | |