ᠣᠶᠢᠷ᠎ᠠ ᠶᠢᠨ ᠵᠢᠯ ᠠᠴᠠ᠂ ᠪᠠᠷᠠᠭᠤᠨ ᠦᠵᠦᠮᠦᠴᠢᠨ ᠬᠤᠰᠢᠭᠤ ᠥᠪᠡᠷᠮᠢᠴᠡ ᠣᠨᠴᠠᠯᠢᠭ ᠲᠠᠢ ᠠᠮᠢ ᠠᠬᠤᠢ ᠶᠢᠨ | ᠵᠠᠰᠠᠯᠲᠠ ᠶᠢᠨ ᠵᠠᠮ ᠢᠶᠠᠷ ᠵᠠᠮᠨᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠣᠨ ᠭᠤᠣᠯ ᠮᠥᠷᠡᠨ ᠤ ᠳᠠᠷᠤᠭ᠎ᠠ ᠶᠢᠨ | ᠳᠦᠷᠢᠮ ᠢ ᠨᠢᠭᠲᠠ ᠠᠭᠤᠰᠤᠯᠴᠠᠭᠤᠯᠵᠤ᠂ ᠬᠠᠮᠲᠤᠪᠠᠷ ᠪᠠᠶᠢᠷᠢᠯᠠᠭᠤᠯᠵᠤ᠂ ᠬᠠᠮᠲᠤᠪᠠᠷ ᠠᠬᠢᠭᠤᠯᠤᠨ᠂ ᠬᠠᠮᠲᠤᠪᠠᠷ | ᠨᠠᠶᠢᠳᠠᠪᠤᠷᠢᠵᠢᠭᠤᠯᠵᠤ᠂ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠵᠢᠯ ᠢ ᠭᠦᠨᠵᠡᠭᠡᠢ ᠥᠷᠨᠢᠭᠦᠯᠬᠦ ᠳᠤ ᠵᠣᠬᠢᠶᠠᠨ | ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠵᠦ᠂ ᠬᠦᠴᠦᠷᠬᠡᠭ ᠶᠡᠭᠡ ᠬᠠᠮᠲᠤᠷᠠᠭᠰᠠᠨ ᠬᠦᠴᠦᠨ ᠢ ᠪᠦᠷᠢᠯᠳᠦᠭᠦᠯᠵᠡᠢ᠃ | ᠪᠠᠷᠠᠭᠤᠨ ᠦᠵᠦᠮᠦᠴᠢᠨ ᠬᠤᠰᠢᠭᠤ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ | ᠭᠡᠬᠦ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠦᠢᠯᠡᠳᠦᠯᠭᠡᠵᠢᠭᠦᠯᠵᠦ᠂ ᠦᠵᠡᠰᠬᠦᠯᠡᠩᠲᠦ | ᠰᠠᠶᠢᠬᠠᠨ ᠭᠤᠣᠯ ᠨᠠᠭᠤᠷ ᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠨ᠂ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ | ᠰᠢᠨ᠎ᠡ ᠶᠢ ᠡᠭᠦᠳᠦᠨ᠂ ᠭᠤᠣᠯ ᠨᠠᠭᠤᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠪᠡ᠃ ︽ᠭᠤᠣᠯ ᠨᠢ ᠰᠢᠯᠤᠭᠤᠨ᠂ ᠤᠰᠤ ᠨᠢ ᠲᠤᠩᠭᠠᠯᠠᠭ᠂ ᠡᠷᠭᠢ ᠨᠢ ᠨᠣᠭᠤᠭᠠᠨ᠂ ᠦᠵᠡᠮᠵᠢ ᠨᠢ ᠭᠤᠶᠣ︾ | ᠤᠰᠤᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢᠨ | ᠲᠣᠭᠤᠷᠢᠨ ᠳᠤ᠂ ︽ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠰᠢᠨᠵᠢᠯᠡᠬᠦ ᠤᠬᠠᠭᠠᠨᠴᠢ ᠪᠠᠷ ᠰᠡᠷᠭᠦᠭᠡᠬᠦ᠂ ᠵᠦᠢ ᠵᠣᠬᠢᠰᠲᠠᠢ | ᠠᠰᠢᠭᠯᠠᠬᠤ᠂ ᠦᠷᠭᠦᠯᠵᠢᠯᠡᠨ ᠬᠥᠭᠵᠢᠭᠦᠯᠬᠦ︾ ᠦᠨᠳᠦᠰᠦᠨ ᠵᠠᠷᠴᠢᠮ ᠢ ᠪᠠᠷᠢᠮᠲᠠᠯᠠᠨ᠂ ᠠᠮᠢ ᠠᠬᠤᠢ ᠶᠢᠨ ᠳᠠᠪᠠᠭᠤᠯᠢᠭ ᠢ | ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠠᠮᠢ ᠠᠬᠤᠢ ᠶᠢᠨ ᠵᠠᠰᠠᠯᠲᠠ᠂ ᠤᠰᠤ ᠯᠤᠭ᠎ᠠ | ᠡᠶ᠎ᠡ ᠵᠣᠬᠢᠴᠠᠯ ᠲᠠᠢ ᠣᠷᠣᠰᠢᠬᠤ ᠶᠢ ᠪᠡᠶᠡᠯᠡᠭᠦᠯᠦᠭᠰᠡᠨ ᠪᠠᠶᠢᠨ᠎ᠠ᠃ | ︽ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ + ᠭᠤᠣᠯ ᠮᠥᠷᠡᠨ ᠤ ᠳᠠᠷᠤᠭ᠎ᠠ ᠶᠢᠨ ᠳᠦᠷᠢᠮ︾ ᠤᠨ | ᠬᠤᠣᠰ ᠱᠤᠭᠤᠮ ᠢ ᠠᠭᠤᠰᠤᠯᠴᠠᠭᠤᠯᠤᠨ ᠵᠠᠰᠠᠬᠤ ᠵᠠᠭᠪᠤᠷ ᠢ ᠬᠡᠷᠡᠭᠵᠢᠭᠦᠯᠦᠭᠰᠡᠨ ᠠᠴᠠ ᠨᠠᠰᠢ᠂ ᠪᠠᠷᠠᠭᠤᠨ ᠦᠵᠦᠮᠦᠴᠢᠨ | ᠬᠤᠰᠢᠭᠤᠨ ᠤ ᠭᠤᠣᠯ ᠮᠥᠷᠡᠨ ᠨᠠᠭᠤᠷ ᠴᠥᠭᠦᠷᠥᠮ ᠰᠢᠨ᠎ᠡ ᠪᠠᠶᠢᠳᠠᠯ ᠲᠠᠢ ᠪᠣᠯᠤᠭᠰᠠᠨ ᠪᠠᠶᠢᠨ᠎ᠠ᠃ ᠨᠠᠮ ᠤᠨ | ᠪᠠᠶᠢᠭᠤᠯᠤᠯᠲᠠ ᠶᠢᠨ ᠳᠠᠭᠠᠭᠤᠯᠭ᠎ᠠ ᠳᠣᠣᠷ᠎ᠠ᠂ ᠬᠤᠰᠢᠭᠤ ᠲᠠᠰ ᠤᠨ 7 ᠭᠤᠣᠯ ᠤᠨ ᠳᠠᠷᠤᠭ᠎ᠠ᠂ ᠪᠠᠯᠭᠠᠰᠤᠨ ᠤ ᠲᠠᠰ ᠤᠨ | 20 ᠭᠤᠣᠯ ᠤᠨ ᠳᠠᠷᠤᠭ᠎ᠠ᠂ ᠰᠣᠮᠣ ᠪᠠᠯᠭᠠᠰᠤᠨ ᠤ ᠲᠠᠰ ᠤᠨ 6 ᠨᠠᠭᠤᠷ ᠤᠨ ᠳᠠᠷᠤᠭ᠎ᠠ᠂ ᠭᠠᠴᠠᠭᠠᠨ ᠲᠠᠰ ᠤᠨ 73 ᠭᠤᠣᠯ | ᠨᠠᠭᠤᠷ ᠤᠨ ᠳᠠᠷᠤᠭ᠎ᠠ ᠳᠠᠷᠠᠭᠠᠯᠠᠨ ᠠᠵᠢᠯ ᠤᠨ ᠪᠠᠶᠢᠷᠢᠨ ᠳᠠᠭᠠᠨ ᠭᠠᠷᠴᠤ᠂ ᠭᠤᠣᠯ ᠨᠠᠭᠤᠷ ᠢ ᠰᠠᠬᠢᠨ ᠬᠠᠮᠠᠭᠠᠯᠠᠬᠤ ᠴᠢᠬᠤᠯᠠ | ᠡᠭᠦᠷᠭᠡ ᠶᠢ ᠡᠭᠦᠷᠭᠡᠯᠡᠭᠰᠡᠨ ᠪᠠᠶᠢᠨ᠎ᠠ᠃ ︽ᠨᠢᠭᠡ ᠴᠡᠭ ᠤᠯᠠᠨ ᠲᠣᠣᠷ︾ ᠤᠨ ᠬᠠᠮᠢᠶᠠᠷᠤᠨ ᠬᠠᠮᠠᠭᠠᠯᠠᠬᠤ ᠰᠦᠯᠵᠢᠶ᠎ᠡ ᠶᠢ | ᠪᠦᠲᠦᠮᠵᠢᠲᠡᠶ ᠠᠵᠢᠯᠯᠠᠭᠤᠯᠵᠤ᠂ ︽ᠭᠤᠣᠯ ᠨᠠᠭᠤᠷ ᠤᠨ ᠳᠠᠷᠤᠭ᠎ᠠ +︾ ᠵᠠᠭᠪᠤᠷ ᠢᠶᠠᠷ ᠭᠤᠣᠯ ᠪᠣᠯᠭᠠᠨ᠂ ︽ᠭᠤᠣᠯ | ᠨᠠᠭᠤᠷ ᠤᠨ ᠳᠠᠷᠤᠭ᠎ᠠ + ᠪᠠᠶᠢᠴᠠᠭᠠᠬᠤ ᠳᠠᠷᠤᠭ᠎ᠠ︾᠂ ︽ᠭᠤᠣᠯ ᠨᠠᠭᠤᠷ ᠤᠨ ᠳᠠᠷᠤᠭ᠎ᠠ + ᠪᠠᠶᠢᠴᠠᠭᠠᠬᠤ ᠳᠠᠷᠤᠭ᠎ᠠ + | ᠴᠠᠭᠳᠠᠭᠠᠨ ᠳᠠᠷᠤᠭ᠎ᠠ︾ ᠶᠢᠨ ᠵᠠᠭᠪᠤᠷ ᠢ ᠵᠡᠷᠭᠡᠪᠡᠷ ᠬᠡᠷᠡᠭᠯᠡᠨ᠂ ᠨᠢᠭᠲᠠ ᠴᠢᠩᠭ᠎ᠠ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ | ᠪᠠᠶᠢᠭᠤᠯᠪᠠ᠃ ᠪᠦᠷᠢᠳᠬᠡᠯ ᠢ ᠦᠨᠳᠦᠰᠦᠯᠡᠪᠡᠯ᠂ 2019 ᠣᠨ ᠠᠴᠠ ᠨᠠᠰᠢ᠂ 15 ᠤᠳᠠᠭ᠎ᠠ ᠬᠠᠮᠲᠤᠷᠠᠭᠰᠠᠨ ᠪᠠᠶᠢᠴᠠᠭᠠᠯᠲᠠ | ᠥᠷᠨᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠡᠯ᠎ᠡ ᠲᠦᠷᠦᠯ ᠤᠨ ᠠᠵᠢᠯᠯᠠᠭ᠎ᠠ ᠶᠢ 140 | ᠭᠠᠷᠤᠢ ᠤᠳᠠᠭ᠎ᠠ ᠥᠷᠨᠢᠭᠦᠯᠵᠦ᠂ ᠮᠣᠷᠢᠲᠠᠨ ᠭᠤᠣᠯ ᠴᠠᠭᠳᠠᠭᠴᠢ ᠨᠢ 20 ᠭᠠᠷᠤᠢ ᠤᠳᠠᠭ᠎ᠠ ᠭᠤᠣᠯ ᠢ ᠴᠠᠭᠳᠠᠨ | ᠪᠠᠶᠢᠴᠠᠭᠠᠵᠤ᠂ ᠰᠠᠶᠢᠨ ᠳᠤᠷ᠎ᠠ ᠶᠢᠨ ᠭᠤᠣᠯ ᠴᠠᠭᠳᠠᠭᠴᠢ ᠨᠢ 70 ᠭᠠᠷᠤᠢ ᠤᠳᠠᠭ᠎ᠠ ᠴᠠᠭᠳᠠᠨ ᠪᠠᠶᠢᠴᠠᠭᠠᠵᠤ᠂ ᠭᠤᠣᠯ | ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢ ᠪᠦᠬᠦ ᠲᠠᠯ᠎ᠠ ᠪᠠᠷ ᠰᠠᠬᠢᠨ ᠬᠠᠮᠠᠭᠠᠯᠠᠪᠠ᠃ | ᠤᠬᠠᠭᠤᠯᠭ᠎ᠠ ᠬᠥᠮᠦᠵᠢᠯ ᠤᠨ ᠲᠠᠯ᠎ᠠ ᠪᠠᠷ᠂ ᠪᠠᠷᠠᠭᠤᠨ ᠦᠵᠦᠮᠦᠴᠢᠨ ᠬᠤᠰᠢᠭᠤ ᠪᠠᠶᠢᠭᠤᠯᠭ᠎ᠠ᠂ ᠭᠠᠴᠠᠭ᠎ᠠ᠂ | ᠰᠤᠷᠭᠠᠭᠤᠯᠢ᠂ ᠠᠵᠤ ᠠᠬᠤᠶᠢᠯᠠᠯ᠂ ᠨᠡᠶᠢᠭᠡᠮ ᠲᠣᠭᠤᠷᠢᠭ ᠵᠡᠷᠭᠡ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠬᠦᠴᠦᠨ ᠢ ᠭᠦᠢᠴᠡᠳ ᠳᠠᠶᠢᠴᠢᠯᠠᠨ᠂ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ᠂ ᠭᠤᠣᠯ | ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ᠂ ᠠᠮᠢ ᠠᠬᠤᠢ ᠶᠢᠨ ᠬᠥᠭᠵᠢᠯᠲᠡ ᠵᠡᠷᠭᠡ ᠤᠬᠠᠭᠤᠯᠭ᠎ᠠ ᠶᠢᠨ ᠠᠵᠢᠯ ᠢ | ᠥᠷᠭᠡᠨ ᠢᠶᠠᠷ ᠥᠷᠨᠢᠭᠦᠯᠵᠦ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠬᠥᠮᠥᠰ ᠲᠤ ᠣᠶᠢᠯᠠᠭᠠᠭᠤᠯᠵᠠᠢ᠃ | ᠡᠭᠦᠨ ᠤ ᠬᠠᠮᠲᠤ᠂ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ | ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠴᠢᠭᠯᠡᠯᠲᠡ ᠶᠢ ᠴᠢᠩᠭ᠎ᠠ ᠵᠢᠷᠤᠮᠯᠠᠵᠤ᠂ | ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠠᠢ᠃ ᠭᠤᠣᠯ ᠮᠥᠷᠡᠨ ᠨᠠᠭᠤᠷ ᠴᠥᠭᠦᠷᠥᠮ ᠤᠨ ︽ | ᠲᠦᠷᠪᠡᠨ ᠠᠰᠠᠭᠤᠳᠠᠯ ᠢ ᠵᠠᠰᠠᠬᠤ︾ ᠶᠢ ᠪᠠᠶᠢᠩᠭᠤᠵᠢᠭᠤᠯᠤᠨ ᠠᠬᠢᠭᠤᠯᠵᠤ᠂ ᠭᠤᠣᠯ ᠮᠥᠷᠡᠨ ᠨᠠᠭᠤᠷ ᠴᠥᠬᠦᠷᠦᠮ ᠢ | ᠲᠣᠭᠤᠷᠢᠨ ᠪᠠᠶᠢᠴᠠᠭᠠᠬᠤ ᠶᠢ ᠡᠳᠦᠷ ᠲᠤᠳᠤᠮ ᠤᠨ ᠠᠵᠢᠯ ᠪᠣᠯᠭᠠᠬᠤ ᠶᠢ ᠪᠡᠶᠡᠯᠡᠭᠦᠯᠵᠦ᠂ ᠭᠤᠣᠯ ᠤᠨ ᠬᠡᠪᠡᠯᠢ ᠠᠴᠠ ᠡᠯᠡᠰᠦ | ᠮᠠᠯᠲᠠᠬᠤ ᠶᠢ ᠴᠢᠩᠭ᠎ᠠ ᠴᠡᠭᠴᠡᠯᠡᠨ ᠵᠠᠰᠠᠵᠤ᠂ ᠰᠢᠨᠵᠢᠯᠡᠬᠦ ᠤᠬᠠᠭᠠᠨ ᠮᠡᠷᠭᠡᠵᠢᠯ ᠢ ᠬᠡᠷᠡᠭᠯᠡᠨ᠂ ᠭᠤᠣᠯ ᠮᠥᠷᠡᠨ ᠨᠠᠭᠤᠷ | ᠲᠣᠭᠤᠷᠢᠮ ᠤᠨ ᠣᠷᠣᠨ ᠤ ᠵᠠᠭᠠᠭ ᠢ ᠲᠣᠳᠣᠷᠬᠠᠶᠢᠯᠠᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠣᠷᠣᠨ ᠪᠦᠰᠡ | ᠠᠯᠤᠰᠯᠠᠨ ᠵᠣᠬᠢᠴᠠᠭᠤᠯᠤᠨ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠭᠤᠣᠯ ᠮᠥᠷᠡᠨ ᠨᠠᠭᠤᠷ ᠴᠥᠬᠦᠷᠥᠮ ᠤᠨ ᠡᠬᠢ | ᠪᠠᠶᠠᠯᠢᠭ ᠢ ᠪᠦᠬᠦ ᠲᠠᠯ᠎ᠠ ᠪᠠᠷ ᠬᠠᠮᠢᠶᠠᠷᠤᠨ ᠬᠠᠮᠠᠭᠠᠯᠠᠬᠤ ᠶᠢ ᠪᠡᠶᠡᠯᠡᠭᠦᠯᠦᠭᠰᠡᠨ ᠪᠠᠶᠢᠨ᠎ᠠ᠃ ᠪᠠᠷᠠᠭᠤᠨ ᠦᠵᠦᠮᠦᠴᠢᠨ | ᠬᠤᠰᠢᠭᠤᠨ ᠤ ᠭᠤᠣᠯ ᠮᠥᠷᠡᠨ ᠨᠠᠭᠤᠷ ᠴᠥᠬᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠨᠢ ︽ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠲᠠᠢ ᠪᠣᠯᠣᠭᠰᠠᠨ︾ ᠠᠴᠠ ︽ᠪᠣᠳᠠᠲᠤ ᠦᠢᠯᠡ ᠠᠵᠢᠯᠯᠠᠭ᠎ᠠ ᠲᠠᠢ ᠪᠣᠯᠤᠭᠰᠠᠨ︾᠂ ︽ᠴᠢᠮᠡᠭᠡ | ᠰᠤᠷᠠᠭ ᠲᠡᠳᠦᠢ︾ ᠪᠠᠶᠢᠭᠰᠠᠨ ᠠᠴᠠ ︽ᠪᠣᠳᠠᠲᠠᠢ︾ ᠪᠣᠯᠤᠭᠰᠠᠨ ᠠᠬᠢᠯᠲᠠ ᠶᠢ ᠪᠡᠶᠡᠯᠡᠭᠦᠯᠵᠦ᠂ ᠰᠢᠯᠢ ᠶᠢᠨ ᠭᠤᠣᠯ | ᠠᠶᠢᠮᠠᠭ ᠤᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠬᠢᠨᠠᠨ ᠰᠢᠯᠭᠠᠯᠲᠠ ᠳᠤ 3 | ᠵᠢᠯ ᠳᠠᠷᠠᠭᠠᠯᠠᠨ ᠰᠢᠯᠢᠳᠡᠭ ᠢᠶᠠᠷ ᠦᠨᠡᠯᠡᠭᠳᠡᠵᠦ᠂ ᠥᠪᠡᠷᠲᠡᠭᠡᠨ ᠵᠠᠰᠠᠬᠤ ᠣᠷᠣᠨ ᠤ ᠲᠠᠨᠢᠯᠴᠠᠭᠤᠯᠭ᠎ᠠ ᠪᠠᠷ ᠨᠡᠶᠢᠲᠡᠯᠢᠭ | ᠵᠢᠱᠢᠶ᠎ᠡ ᠶᠢ ᠪᠦᠬᠦ ᠤᠯᠤᠰ ᠲᠤ ᠳᠡᠯᠭᠡᠷᠡᠭᠦᠯᠵᠡᠢ᠃ | ᠭᠤᠣᠯ ᠨᠠᠭᠤᠷ ᠤᠨ ᠳᠠᠷᠤᠭ᠎ᠠ ᠶᠢᠨ ᠳᠦᠷᠢᠮ ᠢ ᠭᠦᠨᠵᠡᠭᠡᠢ ᠠᠬᠢᠭᠤᠯᠬᠤ ᠶᠢᠨ ᠳᠠᠭᠠᠤ᠂ ᠪᠠᠷᠠᠭᠤᠨ ᠦᠵᠦᠮᠦᠴᠢᠨ | ᠬᠤᠰᠢᠭᠤ ᠠᠷᠠᠳ ᠤᠯᠠᠨ ᠤ ᠪᠠᠴᠢᠮ ᠲᠤᠯᠭᠠᠮ᠎ᠠ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠭᠤᠣᠯ ᠨᠠᠭᠤᠷ ᠤᠨ ᠬᠠᠮᠢᠶᠠᠷᠤᠯᠲᠠ ᠬᠠᠮᠠᠭᠠᠯᠠᠯᠲᠠ ᠶᠢᠨ ︽ᠬᠠᠮᠤᠭ ᠡᠴᠦᠰ ᠤᠨ ᠨᠢᠭᠡ ᠺᠢᠯᠣᠮᠧᠲᠷ︾ ᠢ | ᠨᠠᠪᠲᠠᠷᠡᠭᠦᠯᠵᠦ᠂ ᠭᠤᠣᠯ ᠨᠠᠭᠤᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠷᠭ᠎ᠠ ᠬᠡᠮᠵᠢᠶᠡᠨ ᠤ ᠰᠢᠨ᠎ᠡ ᠶᠢ ᠡᠭᠦᠳᠴᠡᠢ᠃ | ᠨᠠᠮ ᠤᠨ ᠪᠠᠶᠢᠭᠤᠯᠤᠯᠲᠠ ᠶᠢᠨ ︽ᠭᠤᠣᠯ ᠠᠵᠢᠯ︾ ᠢ ᠴᠢᠩᠭ᠎ᠠ ᠠᠩᠬᠠᠷᠴᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠭᠤᠣᠯ ᠮᠥᠷᠡᠨ ᠨᠠᠭᠤᠷ ᠴᠥᠭᠦᠷᠥᠮ ᠤᠨ | ᠳᠠᠷᠤᠭ᠎ᠠ ᠶᠢᠨ ᠪᠠᠶᠢᠭᠤᠯᠤᠯ ᠢᠶᠠᠷ ᠳᠠᠮᠵᠢᠭᠤᠯᠤᠨ ᠤᠰᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ | ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠵᠠᠢ᠃ ᠭᠤᠷᠪᠠᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠨᠢᠭᠡᠳᠦᠭᠡᠷ ᠬᠠᠷᠢᠭᠤᠴᠠᠯᠭᠠᠲᠠᠨ ᠳᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠬᠦ | ᠠᠵᠢᠯ ᠤᠨ ᠪᠠᠶᠢᠭᠤᠯᠤᠯ ᠢᠶᠠᠷ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠢ ᠨᠠᠮ ᠤᠨ | ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠰᠢᠰᠲ᠋ᠧᠮ ᠲᠤ ᠣᠷᠣᠭᠤᠯᠵᠤ᠂ ᠭᠤᠣᠯ ᠰᠡᠳᠦᠪᠲᠦ ᠬᠥᠮᠦᠵᠢᠯ ᠤᠨ | ᠠᠵᠢᠯᠯᠠᠭ᠎ᠠ ᠲᠠᠢ ᠤᠶᠠᠯᠳᠤᠭᠤᠯᠤᠨ᠂ ᠠᠵᠢᠯ ᠤᠨ ᠡᠩᠨᠡᠭᠡᠨ ᠤ ᠦᠵᠡᠯ ᠰᠠᠨᠠᠭᠠᠨ ᠤ ᠪᠠᠶᠢᠭᠤᠯᠤᠯᠲᠠ ᠶᠢ ᠴᠢᠩᠭᠠᠳᠬᠠᠭᠰᠠᠨ | ᠪᠠᠶᠢᠨ᠎ᠠ᠃ | ᠡᠯ᠎ᠡ ᠨᠠᠮ ᠤᠨ ᠡᠭᠦᠷ ᠨᠢ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢᠶᠠᠷ ᠲᠦᠰᠢᠭ | ᠪᠣᠯᠭᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠨᠠᠮ ᠤᠨ ᠪᠠᠶᠢᠭᠤᠯᠤᠯᠲᠠ ᠶᠢᠨ ᠭᠤᠣᠯ | ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠨᠠᠮ ᠤᠨ ᠭᠡᠰᠢᠭᠦᠨ ᠢ ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠳᠦᠷᠢᠮ ᠤᠨ ᠡᠳᠦᠷ ᠳᠤᠳᠤᠮ ᠤᠨ ᠠᠵᠢᠯ ᠳᠤ ᠣᠷᠣᠯᠴᠠᠭᠤᠯᠤᠨ᠂ ︽ᠨᠠᠮ ᠪᠠ ᠤᠯᠠᠨ | ᠲᠦᠮᠡᠨ ᠬᠠᠮᠲᠤᠷᠠᠨ ᠬᠥᠳᠡᠯᠦᠯᠴᠡᠬᠦ ᠲᠣᠭᠲᠠᠴᠠ︾ ᠶᠢ ᠪᠠᠶᠢᠭᠤᠯᠪᠠ᠃ ᠲᠣᠭᠲᠠᠮᠠᠯ ᠬᠤᠭᠤᠴᠠᠭ᠎ᠠ ᠲᠠᠢ ᠪᠠᠷ ᠨᠠᠮ ᠤᠨ | ᠭᠡᠰᠢᠭᠦᠨ ᠺᠠᠳ᠋ᠷ᠂ ᠬᠠᠯᠠᠭᠤᠨ ᠰᠡᠳᠬᠢᠯᠲᠦ ᠤᠯᠠᠨ ᠲᠦᠮᠡᠨ᠂ ᠭᠤᠣᠯ ᠮᠥᠷᠡᠨ ᠤ ᠳᠠᠷᠤᠭ᠎ᠠ ᠶᠢᠨ ᠳᠦᠷᠢᠮᠲᠦ ᠨᠡᠶᠢᠭᠡᠮ ᠤᠨ | ᠬᠢᠨᠠᠯᠲᠠ ᠲᠠᠯᠪᠢᠭᠴᠢ ᠶᠢ ᠵᠣᠬᠢᠶᠠᠨ ᠪᠠᠶᠢᠭᠤᠯᠤᠨ ᠭᠤᠣᠯ ᠮᠥᠷᠡᠨ ᠢ ᠬᠠᠮᠠᠭᠠᠯᠠᠬᠤ᠂ ᠭᠤᠣᠯ ᠮᠥᠷᠡᠨ ᠢ ᠲᠣᠭᠤᠷᠢᠨ | ᠪᠠᠶᠢᠴᠠᠭᠠᠬᠤ᠂ ᠤᠬᠠᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ ᠭᠤᠣᠯ ᠮᠥᠷᠡᠨ ᠤ ᠵᠠᠮ ᠤᠨ ᠪᠠᠶᠢᠳᠠᠯ ᠢ ᠴᠠᠭ ᠲᠤᠬᠠᠢ | ᠳᠤᠨᠢ ᠡᠵᠡᠮᠰᠢᠵᠦ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠦᠳᠲᠡᠷ ᠲᠦᠷᠭᠡᠨ ᠴᠡᠭᠴᠡᠯᠡᠨ ᠵᠠᠰᠠᠵᠤ᠂ ᠠᠰᠠᠭᠤᠳᠠᠯ | ᠳᠠᠬᠢᠨ ᠨᠡᠮᠡᠭᠳᠡᠬᠦ ᠶᠢ ᠡᠷᠡᠰ ᠬᠢᠵᠠᠭᠠᠷᠯᠠᠵᠤ᠂ ᠦᠯᠡᠳᠡᠭᠳᠡᠯ ᠠᠰᠠᠭᠤᠳᠠᠯ ᠢ ᠰᠢᠢᠳᠪᠦᠷᠢᠯᠡᠵᠡᠢ᠃ ᠣᠲᠣ ᠪᠣᠯᠲᠠᠯ᠎ᠠ᠂ ᠪᠠᠷᠠᠭᠤᠨ | ᠦᠵᠦᠮᠦᠴᠢᠨ ᠬᠤᠰᠢᠭᠤᠨ ᠤ ᠡᠯ᠎ᠡ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠨᠡᠶᠢᠲᠡ 1437 | ᠤᠳᠠᠭ᠎ᠠ ᠭᠤᠣᠯ ᠮᠥᠷᠡᠨ ᠨᠠᠭᠤᠷ ᠴᠥᠭᠦᠷᠥᠮ ᠢ ᠲᠣᠭᠤᠷᠢᠨ ᠪᠠᠶᠢᠴᠠᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠨᠢ ︽ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ︾ ᠭᠤᠣᠯ ᠰᠡᠳᠦᠪᠲᠦ ᠠᠵᠢᠯᠯᠠᠭ᠎ᠠ ᠶᠢ 30 | ᠭᠠᠷᠤᠢ ᠤᠳᠠᠭ᠎ᠠ ᠥᠷᠨᠢᠭᠦᠯᠦᠭᠰᠡᠨ ᠪᠠᠶᠢᠨ᠎ᠠ᠃ ᠡᠳᠦᠭᠡ᠂ ᠪᠠᠷᠠᠭᠤᠨ ᠦᠵᠦᠮᠦᠴᠢᠨ ᠬᠤᠰᠢᠭᠤᠨ ᠤ ᠭᠤᠣᠯ ᠮᠥᠷᠡᠨ | ᠠᠮᠢᠵᠢᠷᠠᠯ ᠤᠨ ᠬᠦᠴᠦᠨ ᠢᠶᠠᠨ ᠲᠠᠬᠢᠨ ᠢᠯᠡᠷᠡᠭᠦᠯᠵᠦ᠂ ᠤᠰᠤᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ | ᠦᠷᠭᠦᠯᠵᠢᠯᠡᠨ ᠰᠠᠶᠢᠵᠢᠷᠠᠵᠤ᠂ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠪᠦᠷᠢᠳᠦ ᠶᠢᠨ ᠠᠮᠢ ᠠᠬᠤᠢ ᠶᠢᠨ ᠵᠢᠷᠤᠭ | ᠠᠭᠠᠵᠢᠮ ᠢᠶᠠᠷ ᠳᠡᠯᠭᠡᠭᠳᠡᠵᠦ᠂ ᠪᠣᠬᠢᠷᠲᠤᠯ ᠦᠭᠡᠢ ᠬᠥᠭᠵᠢᠯᠲᠡ ᠶᠢᠨ ᠠᠮᠢᠳᠤᠯᠢᠭ ᠲᠠᠶᠢᠯᠪᠤᠷᠢ ᠪᠣᠯᠵᠤ ᠪᠣᠢ᠃ |