ᠪᠠᠷᠠᠭᠤᠨ ᠦᠵᠦᠮᠦᠴᠢᠨ ᠬᠤᠰᠢᠭᠤ ᠡᠯᠡᠰᠦᠷᠬᠡᠭ ᠭᠠᠵᠠᠷ ᠢ ᠵᠠᠰᠠᠬᠤ ᠢᠨᠵᠧᠨᠧᠷᠢᠩ ᠢ ᠲᠣᠭᠲᠠᠭᠤᠨ ᠢᠶᠠᠷ ᠠᠬᠢᠭᠤᠯᠵᠤ ᠪᠤᠢ
ᠨᠡᠶᠢᠲᠡᠯᠡᠭᠰᠡᠨ ᠴᠠᠭ᠄
2025/5/6
     ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠸᠠ ᠪᠠᠯᠭᠠᠰᠤᠨ ᠤ ᠪᠠᠶᠠᠨᠳᠦ᠋ᠭᠦᠷᠡᠭ ᠭᠠᠴᠠᠭᠠᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠣᠭᠤᠷᠢᠭ ᠲᠤ ᠠᠵᠢᠯᠴᠢᠳ ᠭᠥᠯᠢᠭᠡᠷ ᠡᠯᠡᠰᠦᠨ ᠳᠤ ᠴᠢᠬᠢ ᠮᠤᠳᠤ ᠬᠠᠳᠬᠤᠨ ᠶᠠᠭᠠᠷᠠᠯᠲᠠᠢ ᠠᠵᠢᠯᠯᠠᠵᠤ᠂ ᠬᠠᠪᠤᠷ ᠤᠨ ᠤᠯᠠᠷᠢᠯ ᠤᠨ ᠨᠤᠭᠤᠭᠠᠷᠠᠯᠲᠠ ᠶᠢᠨ ᠬᠤᠭᠤᠴᠠᠭ᠎ᠠ ᠶᠢ ᠵᠠᠪᠳᠣᠨ ᠡᠯᠡᠰᠦ ᠶᠢ ᠵᠠᠰᠠᠬᠤ ᠠᠵᠢᠯ ᠢᠶᠠᠨ ᠱᠠᠯᠠᠪᠳᠣᠨ ᠭᠦᠢᠴᠡᠳᠬᠡᠵᠦ ᠪᠠᠶᠢᠯ᠎ᠠ᠃     ᠣᠶᠢᠯᠠᠭᠠᠭᠰᠠᠨ ᠢᠶᠠᠷ᠂ ᠡᠨᠡ ᠬᠡᠰᠡᠭ ᠡᠯᠡᠰᠦᠷᠬᠡᠭ ᠭᠠᠵᠠᠷ ᠤᠨ ᠲᠠᠯᠠᠪᠠᠶ ᠨᠢ 1000 ᠭᠠᠷᠤᠢ ᠮᠦ ᠳᠤ ᠬᠦᠷᠴᠦ᠂ ᠪᠠᠶᠠᠨᠳᠦ᠋ᠭᠦᠷᠡᠭ ᠭᠠᠴᠠᠭᠠᠨ ᠤ ᠲᠠᠪᠤᠨ ᠮᠠᠯᠴᠢᠨ ᠡᠷᠦᠬᠡ ᠶᠢᠨ ᠪᠡᠯᠴᠢᠭᠡᠷ ᠨᠤᠲᠤᠭ ᠲᠤ ᠪᠠᠭᠲᠠᠨ᠎ᠠ᠃ ᠣᠶ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠭᠤᠣᠯᠳᠠᠭᠤ ᠰᠢᠷ᠎ᠠ ᠪᠤᠷᠭᠠᠰᠤ ᠪᠠᠷ ᠡᠯᠡᠰᠦ ᠶᠢ ᠲᠤᠭᠲᠠᠪᠤᠷᠢᠵᠢᠭᠤᠯᠵᠤ᠂ ᠨᠠᠶᠢᠯᠵᠠᠭᠤᠷ ᠬᠠᠷᠭᠠᠨ᠎ᠠ ᠪᠠᠷ ᠡᠯᠡᠰᠦ ᠶᠢ ᠨᠤᠭᠤᠭᠠᠷᠠᠭᠤᠯᠬᠤ ᠶᠢ ᠤᠶᠠᠯᠳᠣᠭᠤᠯᠣᠨ ᠠᠰᠢᠭᠯᠠᠳᠠᠭ᠃ ᠡᠨᠡ ᠨᠢ ᠰᠢᠷ᠎ᠠ ᠪᠤᠷᠭᠠᠰᠣ ᠪᠠᠷ ᠰᠠᠯᠬᠢᠨ ᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠬᠠᠯᠬᠠᠪᠴᠢ ᠪᠦᠷᠢᠯᠳᠦᠭᠦᠯᠵᠦ᠂ ᠡᠯᠡᠰᠦᠨ ᠰᠠᠯᠬᠢᠨ ᠤ ᠳᠠᠭᠠᠷᠢᠯᠲᠠ ᠶᠢ ᠪᠦᠲᠦᠮᠵᠢᠲᠡᠢ ᠬᠤᠷᠢᠭᠯᠠᠨ᠂ ᠨᠢᠯᠬ᠎ᠠ ᠵᠥᠭᠡᠯᠡᠨ ᠨᠠᠶᠢᠯᠵᠠᠭᠤᠷ ᠬᠠᠷᠭᠠᠨ᠎ᠠ ᠶᠢᠨ ᠴᠢᠬᠢ ᠮᠤᠳᠤᠨ ᠤ ᠡᠯᠡᠰᠦᠷᠬᠡᠭ ᠭᠠᠵᠠᠷ  ᠲᠤ ᠦᠷᠡᠯᠡᠨ ᠡᠳᠡᠭᠡᠷᠡᠬᠦ ᠪᠠ ᠤᠷᠭᠤᠯᠲᠠ ᠳᠤ ᠠᠰᠢᠭᠲᠠᠢ ᠨᠥᠬᠦᠴᠡᠯ ᠢ  ᠪᠦᠷᠢᠯᠳᠦᠭᠦᠯᠵᠦ  ᠂ ᠡᠳᠡᠭᠡᠷᠡᠯᠲᠡ ᠶᠢᠨ ᠨᠤᠷᠮ᠎ᠠ ᠶᠢ ᠳᠡᠭᠡᠭᠰᠢᠯᠡᠭᠦᠯᠦᠨ᠎ᠡ᠃ ᠡᠯᠡᠰᠦ ᠶᠢ ᠵᠠᠰᠠᠵᠤ ᠡᠯᠡᠰᠦ ᠶᠢ ᠨᠤᠭᠤᠭᠠᠷᠠᠭᠤᠯᠬᠤ ᠶᠠᠪᠤᠴᠠ ᠳᠤ ᠪᠢᠲᠡᠭᠦᠮᠵᠢᠯᠡᠨ ᠣᠶᠢᠵᠢᠭᠤᠯᠬᠤ ᠠᠷᠭ᠎ᠠ ᠪᠠᠷ ᠮᠠᠯ ᠣᠨᠤᠭ᠎ᠠ ᠪᠡᠯᠴᠢᠭᠡᠷᠯᠡᠬᠦ ᠶᠢ ᠬᠤᠷᠢᠭᠯᠠᠨ᠂ ᠡᠯᠡᠰᠦᠷᠬᠡᠭ ᠭᠠᠵᠠᠷ ᠤᠨ ᠤᠷᠭᠤᠮᠠᠯ ᠤᠨ ᠬᠤᠴᠢᠯᠭ᠎ᠠ ᠠᠶᠠᠨᠳᠠᠭᠠᠨ ᠰᠡᠷᠭᠦᠬᠦ ᠶᠢ ᠪᠠᠲᠤᠯᠠᠵᠤ᠂ ᠡᠯᠡᠰᠦᠷᠬᠡᠭ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠥᠩᠬᠡᠢ ᠳᠤ ᠨᠢ ᠵᠠᠰᠠᠵᠤ᠂ ᠨᠡᠭᠦᠳᠡᠯ ᠡᠯᠡᠰᠦ ᠶᠢ ᠲᠤᠭᠲᠠᠮᠠᠯ ᠡᠯᠡᠰᠦ ᠪᠤᠯᠭᠠᠨ᠂ ᠲᠤᠭᠲᠠᠮᠠᠯ ᠡᠯᠡᠰᠦ ᠶᠢ ᠨᠤᠭᠤᠭᠠᠨ ᠪᠦᠷᠢᠳᠦ   ᠪᠣᠯᠭᠠᠵᠤ ᠪᠠᠶᠢᠨ᠎ᠠ᠃      ᠵᠠᠰᠠᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠪᠠᠲᠤᠯᠠᠬᠤ ᠶᠢᠨ ᠲᠥᠯᠥᠭᠡ᠂ ᠬᠠᠮᠢᠶᠠᠲᠠᠢ  ᠰᠠᠯᠠᠭ᠎ᠠ ᠮᠦᠴᠢᠷ ᠠᠴᠠ ᠠᠵᠢᠯ ᠤᠨ ᠡᠯ᠎ᠡ ᠭᠤᠭᠴᠤᠭ᠎ᠠ ᠶᠢ ᠴᠢᠩᠭ᠎ᠠ ᠡᠵᠡᠮᠳᠡᠵᠦ᠂ ᠮᠠᠲ᠋ᠧᠷᠢᠶᠠᠯ ᠬᠤᠳᠠᠯᠳᠤᠨ ᠠᠪᠬᠤ ᠠᠴᠠ  ᠡᠬᠢᠯᠡᠭᠡᠳ ᠡᠯᠡᠰᠦ ᠶᠢ  ᠲᠤᠭᠲᠠᠪᠤᠷᠢᠵᠢᠭᠤᠯᠬᠤ ᠮᠡᠷᠭᠡᠵᠢᠯ ᠬᠦᠷᠲᠡᠯ᠎ᠡ ᠴᠥᠮ ᠲᠤᠰᠬᠠᠢ ᠮᠡᠷᠭᠡᠵᠢᠯ ᠤᠨ ᠠᠵᠢᠯᠲᠠᠨ ᠤ ᠵᠢᠯᠣᠭᠤᠳᠤᠯᠭ᠎ᠠ ᠪᠠ ᠬᠢᠨᠠᠯᠲᠠ ᠲᠠᠯᠪᠢᠬᠤ ᠶᠢᠨ ᠬᠠᠮᠲᠤ᠂ ᠲᠡᠷᠢᠭᠦᠨ ᠤ ᠡᠯᠡᠰᠦ ᠶᠢ ᠵᠠᠰᠠᠬᠤ ᠮᠡᠷᠭᠡᠵᠢᠯ ᠪᠣᠯᠣᠨ ᠲᠤᠷᠰᠢᠯᠭ᠎ᠠ ᠶᠢ ᠢᠳᠡᠪᠬᠢᠲᠡᠢ ᠳᠡᠯᠭᠡᠷᠡᠭᠦᠯᠵᠦ᠂ ᠵᠠᠰᠠᠯᠲᠠ ᠶᠢᠨ ᠬᠡᠪᠴᠢᠶ᠎ᠡ ᠶᠢ ᠥᠷᠭᠡᠳᠬᠡᠨ᠂ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠡᠢ  ᠃      2023 ᠣᠨ ᠤ 6 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠡᠯᠡᠰᠦᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ   ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ᠂ ᠬᠤᠷᠴᠢᠨ᠂ ᠬᠤᠯᠠᠨ ᠰᠢᠷᠭ᠎ᠠ ᠳᠠᠭ᠎ᠠ ᠶᠢᠨ ᠬᠤᠶᠠᠷ ᠶᠡᠭᠡ ᠡᠯᠡᠰᠦᠷᠬᠡᠭ ᠭᠠᠵᠠᠷ ᠤᠨ ᠵᠠᠰᠠᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠢᠬᠤᠯᠠ ᠶᠡᠭᠡ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠢᠨᠵᠧᠨᠧᠷᠢᠩ ᠤᠨ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠬᠦᠴᠦᠨ ᠢᠶᠠᠨ ᠡᠯᠡᠰᠦ ᠵᠠᠰᠠᠬᠤ ᠳᠠᠶᠢᠯᠠᠯᠳᠤᠭᠠᠨ ᠢ ᠬᠢᠬᠦ ᠬᠡᠷᠡᠭᠲᠡᠢ ᠭᠡᠮᠡᠨ ᠴᠢᠬᠤᠯᠠᠴᠢᠯᠠᠪᠠ᠃ ᠣᠶᠢᠷ᠎ᠠ ᠶᠢᠨ ᠵᠢᠯ ᠠᠴᠠ ᠨᠠᠰᠢ  ᠂ ᠪᠠᠷᠠᠭᠤᠨ ᠦᠵᠦᠮᠦᠴᠢᠨ ᠬᠤᠰᠢᠭᠤ  ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠢᠳᠡᠪᠬᠢᠲᠡᠢ ᠪᠠᠷ ᠴᠤᠤᠷᠢᠶᠠᠲᠤᠨ ᠳᠠᠭᠠᠵᠤ᠂ ᠦᠵᠦᠮᠦᠴᠢᠨ ᠣᠷᠣᠨ ᠤ ᠬᠤᠯᠠᠨ ᠰᠢᠷᠭ᠎ᠠ  ᠳᠠᠭ᠎ᠠ  ᠶᠢᠨ ᠡᠯᠡᠰᠦᠷᠬᠡᠭ ᠭᠠᠵᠠᠷ ᠢ ᠵᠠᠰᠠᠬᠤ ᠬᠠᠷᠠᠯᠲᠠ ᠢ ᠪᠥᠬᠦ ᠲᠠᠯ᠎ᠠ ᠪᠠᠷ ᠲᠣᠭᠲᠠᠭᠠᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ  ᠳᠤ ᠲᠣᠬᠢᠷᠠᠭᠤᠯᠤᠨ ᠡᠯᠡᠰᠦ ᠶᠢ ᠪᠢᠲᠡᠭᠦᠮᠵᠢᠯᠡᠨ ᠣᠶᠢᠵᠢᠭᠤᠯᠬᠤ᠂ ᠨᠢᠰᠬᠡᠯ ᠢᠶᠠᠷ ᠲᠠᠷᠢᠵᠤ ᠣᠶᠢᠵᠢᠭᠤᠯᠬᠤ᠂ ᠡᠪᠡᠰᠦ ᠪᠡᠯᠴᠢᠭᠡᠷ ᠢᠶᠠᠷ ᠡᠯᠡᠰᠦ ᠶᠢ ᠲᠣᠭᠲᠠᠪᠤᠷᠢᠵᠢᠭᠤᠯᠬᠤ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠨ᠂ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠰᠢᠰᠲ᠋ᠧᠮ ᠲᠠᠢ ᠪᠠᠷ ᠲᠦᠯᠬᠢᠨ ᠠᠬᠢᠭᠤᠯᠵᠤ᠂ ᠡᠬᠡ ᠣᠯᠣᠰ ᠤᠨ ᠤᠮᠠᠷᠠᠲᠤ ᠬᠢᠯᠢ ᠶᠢᠨ ᠨᠤᠭᠤᠭᠠᠨ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠵᠦ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号