︽ᠬᠥᠳᠡᠯᠮᠦᠷᠢ ᠶᠢᠨ ᠪᠠᠶᠠᠰᠤᠯ︾ ᠮᠠᠯᠵᠢᠬᠤ ᠰᠤᠶᠤᠯ ᠢ ᠲᠠᠨᠢᠨ ᠤᠶᠢᠯᠠᠭᠠᠬᠤ ᠦᠢᠯᠡᠳᠦᠯᠭᠡ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2025/5/6
     ︽ᠲᠠᠪᠤᠨ ᠰᠠᠷ᠎ᠠ ᠶᠢᠨ ᠨᠢᠭᠡᠨ︾ ᠤ ᠳᠡᠯᠡᠬᠡᠢ ᠶᠢᠨ ᠬᠦᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠮᠠᠨ ᠤ ᠭᠤᠷᠤᠬᠠᠨ ᠭᠤᠣᠯ ᠬᠡᠦᠬᠡᠳ ᠤᠨ ᠴᠡᠴᠡᠷᠯᠢᠭ ᠨᠢ ︽ᠬᠦᠳᠡᠯᠮᠤᠷᠢ ᠶᠢᠨ ᠪᠠᠶᠠᠰᠤᠯ  ︾ ᠦᠢᠯᠡᠳᠦᠯᠭᠡ ᠶᠢᠨ ᠠᠵᠢᠯᠯᠠᠭ᠎ᠠ ᠦᠷᠨᠢᠭᠦᠯᠵᠦ᠂ ᠬᠡᠦᠬᠡᠳ ᠤᠳ ᠤᠨ ᠠᠵᠢᠯ ᠬᠦᠳᠡᠯᠮᠤᠷᠢ ᠳᠤ ᠤᠷᠤᠯᠴᠠᠨ ᠪᠡᠶ᠎ᠡ ᠮᠠᠬᠠᠪᠤᠳ ᠢᠶᠠᠨ ᠲᠠᠪᠳᠠᠨ ᠪᠤᠯᠪᠠᠰᠤᠷᠠᠭᠤᠯᠬᠤ ᠶᠢᠨ ᠬᠠᠮᠲᠤ᠂ ᠬᠦᠳᠡᠯᠮᠦᠷᠢ ᠶᠢ ᠬᠦᠨᠳᠦᠯᠡᠬᠦ ᠪᠠ ᠬᠦᠳᠡᠯᠮᠦᠷᠢ ᠶᠢᠨ ᠪᠠᠶᠠᠷ ᠪᠠᠶᠠᠰᠤᠯ ᠢ ᠮᠡᠳᠡᠷᠡᠬᠦ ᠳᠤ ᠪᠤᠲᠠᠲᠠᠢ ᠨᠦᠬᠦᠴᠠᠯ ᠬᠠᠩᠭᠠᠭᠰᠠᠨ ᠪᠠᠶᠢᠨ᠎ᠠ᠃       4 ᠰᠠᠷ᠎ᠠ ᠶᠢᠨ 29 ᠤ ᠡᠳᠦᠷ᠂ ᠠᠯᠢᠶ᠎ᠠ ᠳᠡᠭᠵᠢᠨ ᠵᠢᠭᠠᠯ ᠤᠳ ᠮᠢᠨᠢ ᠪᠠᠭᠰᠢ ᠨᠠᠷ ᠲᠠᠢ ᠪᠠᠨ ᠭᠤᠷᠤᠬᠠᠨ ᠪᠠᠯᠭᠠᠰᠤᠨ ᠤ ᠣᠩᠭᠤᠨ ᠭᠠᠴᠠᠭᠠᠨ ᠤ ᠮᠠᠯᠴᠢᠨ ᠥᠯᠵᠠᠶᠢᠪᠠᠲᠤ᠂ ᠬᠠᠰᠴᠡᠴᠡᠭ ᠶᠢᠨ ᠳᠤ ᠬᠦᠷᠴᠤ᠂ ᠠᠷᠭᠠᠯ ᠲᠡᠭᠦᠭᠦ ᠦᠢᠯᠡᠳᠦᠯᠭᠡ ᠶᠢᠨ ᠬᠦᠳᠡᠯᠬᠡᠬᠡᠨ ᠳᠤ ᠤᠷᠤᠯᠴᠠᠵᠤ᠂ ᠤᠯᠠᠮᠵᠢᠯᠠᠯᠲᠤ ᠮᠠᠯᠵᠢᠬᠤ ᠠᠮᠢᠲᠤᠷᠠᠯ ᠤᠨ ᠲᠤᠬᠠᠢ ᠲᠠᠨᠢᠯᠲᠠ ᠪᠠᠨ ᠬᠦᠨᠵᠡᠭᠡᠶᠢᠷᠡᠬᠦᠯᠪᠡ᠃ ᠲᠤᠰ ᠤᠳᠠᠭᠠᠨ ᠤ ᠠᠵᠢᠯᠯᠠᠭ᠎ᠠ ᠳᠤ᠂ ᠭᠡᠷ ᠤᠨ ᠠᠬᠠᠮᠠᠳ ᠠᠴᠠ ᠠᠷᠭᠠᠯ ᠤᠨ ᠬᠡᠷᠡᠭᠴᠡᠭᠡ᠂ ᠠᠷᠭᠠᠯ ᠲᠡᠬᠦᠬᠦ ᠪᠠᠭᠠᠵᠢ ᠬᠡᠷᠡᠭᠰᠡᠯ᠂ ᠠᠳᠠᠯᠢ ᠪᠣᠰᠤ ᠤᠯᠠᠷᠢᠯ ᠤᠨ ᠠᠷᠭᠠᠯ ᠤᠨ ᠨᠡᠷᠡᠶᠢᠳᠦᠯ  ᠂ ᠠᠷᠭᠠᠯ ᠲᠡᠭᠦᠭᠦ ᠤᠷ᠎ᠠ ᠳᠡᠮ ᠵᠡᠷᠭᠡ ᠶᠢ  ᠳᠦᠭᠦᠮ ᠲᠠᠶᠢᠯᠪᠤᠷᠢᠯᠠᠨ ᠲᠠᠨᠢᠯᠴᠠᠭᠤᠯᠤᠭᠰᠠᠨ ᠤ ᠳᠠᠷᠠᠭ᠎ᠠ᠂ ᠬᠡᠦᠬᠡᠳ ᠤᠳ ᠬᠦᠭᠵᠢᠯᠳᠦᠨ ᠠᠷᠭᠠᠯ ᠲᠡᠭᠦᠵᠦ ᠤᠷᠤᠯᠲᠤᠪᠠ᠃  ᠡᠭᠦᠨ ᠤ ᠬᠠᠮᠲᠤ ᠬᠡᠦᠬᠡᠳ ᠤᠳ ᠮᠢᠨᠢ ᠲᠡᠭᠦᠭᠰᠡᠨ ᠠᠷᠭᠠᠯ ᠢᠶᠠᠷ ᠢᠶᠠᠨ ᠮᠣᠩᠭᠤᠯ ᠭᠡᠷ᠂ ᠪᠠᠷᠢᠯᠭ᠎ᠠ ᠶᠢᠨ ᠮᠠᠰᠢᠨ᠂ ᠭᠦᠩᠵᠦ ᠶᠢᠨ ᠤᠷᠳᠤᠨ ᠵᠡᠷᠭᠡ ᠰᠤᠨᠢᠷᠬᠠᠯᠲᠠᠢ ᠵᠦᠢᠯ ᠢ ᠪᠦᠳᠦᠭᠡᠯᠴᠢ ᠪᠠᠷ ᠵᠢᠭᠢᠷᠢᠭᠯᠡᠨ ᠪᠦᠳᠦᠭᠡᠯ᠎ᠡ᠃        ᠪᠠᠭᠰᠢ ᠨᠠᠷ ᠵᠢᠷᠦᠭ᠌ᠲᠤ ᠦᠯᠢᠭᠡᠷ᠂ ᠳᠦᠷᠰᠦ ᠪᠢᠴᠢᠯᠭᠡ᠂ ppt ᠵᠢᠷᠤᠭ ᠲᠦᠷᠰᠦ ᠶᠢ ᠠᠰᠢᠭᠯᠠᠨ ᠬᠦᠳᠡᠯᠮᠦᠷᠢᠴᠢᠳ ᠤᠨ ᠪᠠᠶᠠᠷ ᠤᠨ ᠤᠳᠬ᠎ᠠ ᠠᠭᠤᠯᠭ᠎ᠠ ᠶᠢ ᠮᠡᠳᠡᠬᠦᠯᠬᠦ ᠂ ᠬᠡᠦᠬᠡᠳ ᠤᠳ ᠦᠩᠭᠡ ᠶᠢᠨ ᠰᠢᠪᠡᠷ᠂ ᠪᠤᠲᠤᠭ ᠵᠡᠷᠬᠡ ᠪᠠᠷ ᠦᠪᠡᠷ ᠦᠪᠡᠷ ᠤᠨ ᠲᠤᠷᠠᠳᠠᠢ ᠬᠦᠳᠡᠯᠮᠦᠷᠢ ᠶᠢᠨ ᠪᠠᠭᠠᠵᠢ ᠪᠠᠨ ᠤᠷᠠᠯᠠᠨ ᠬᠢᠬᠦ᠂ ᠬᠡᠦᠬᠡᠳ ᠤᠳ ᠭᠡᠷ ᠤᠨ ᠠᠬᠠᠮᠠᠳ ᠢᠶᠠᠨ ᠬᠠᠮᠵᠢᠨ ᠠᠵᠢᠯ ᠬᠦᠳᠡᠯᠮᠦᠷᠢ ᠳᠤ ᠤᠷᠤᠯᠴᠠᠵᠤ ᠪᠠᠶᠢᠭ᠎ᠠ ᠪᠠᠨ ᠬᠤᠪᠢᠶᠠᠯᠴᠠᠬᠤ ᠵᠡᠷᠭᠡ ᠠᠵᠢᠯᠯᠠᠭ᠎ᠠ ᠪᠠᠷ ᠲᠠᠮᠵᠢᠨ ᠬᠡᠦᠬᠡᠳ ᠤᠨ ︽ᠲᠤᠭᠯᠠᠭᠠᠮ ᠤᠨ ᠲᠤᠮᠲᠠ ᠰᠤᠷᠤᠯᠴᠠᠬᠤ᠂ ᠦᠢᠯᠡᠳᠦᠯᠭᠡ ᠲᠤᠮᠲᠠ ᠬᠤᠷᠠᠮᠳᠤᠭᠤᠯᠬᠤ︾ ᠵᠢᠭᠠᠨ ᠰᠤᠷᠭᠠᠯᠲᠠ ᠶᠢᠨ ᠬᠠᠷᠠᠯᠲᠠ ᠳᠤ ᠪᠠᠨ ᠬᠦᠷᠦᠭᠰᠡᠨ ᠮᠦᠷᠳᠡᠭᠡᠨ ᠬᠡᠦᠬᠡᠳ ᠤᠨ ᠠᠵᠢᠯ ᠬᠥᠳᠡᠯᠮᠦᠷᠢ ᠳᠤ ᠤᠷᠤᠯᠴᠠᠬᠤ ᠢᠳᠡᠪᠬᠢᠵᠢᠯ ᠢ ᠳᠠᠶᠢᠴᠢᠯᠠᠵᠤ ᠴᠢᠳᠠᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号