ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠰᠤᠮᠤᠨ ᠤ ᠬᠦᠷᠡᠯᠳᠦ ᠭᠠᠴᠠᠭ᠎ᠠ | ᠬᠠᠮᠲᠤ ᠶᠢᠨ ᠠᠵᠤ ᠠᠬᠤᠢ ᠶᠢᠨ ᠬᠤᠷᠰᠢᠶᠠᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠪᠤᠷ ᠤᠨ | ᠣᠯᠠᠷᠢᠯ ᠤᠨ ᠪᠡᠯᠴᠢᠭᠡᠷ ᠰᠡᠷᠭᠦᠭᠡᠬᠦ ᠵᠠᠩᠭᠢᠯᠠᠭ᠎ᠠ ᠶᠢᠨ ᠬᠤᠭᠤᠴᠠᠭᠠᠨ ᠳᠤ᠂ ᠭᠠᠴᠠᠭᠠᠨ ᠤ ᠪᠠᠨ ᠮᠠᠯᠴᠢᠨ ᠡᠷᠦᠬᠡ ᠳᠤ | ᠨᠦᠬᠦᠪᠦᠷᠢ ᠲᠠᠢ ᠮᠠᠯ ᠤᠨ ᠲᠡᠵᠢᠭᠡᠯ ᠲᠠᠷᠬᠠᠭᠠᠵᠤ᠂ ᠲᠥᠯ ᠮᠠᠯ ᠤᠨ ᠡᠪᠡᠰᠦ ᠪᠤᠷᠳᠤᠭᠠᠨ ᠤ ᠬᠠᠩᠭᠠᠯᠭ᠎ᠠ ᠶᠢᠨ | ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠲᠣᠭᠲᠠᠭᠤᠨ | ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠪᠠ᠃ | ᠬᠦᠷᠡᠯᠳᠦ ᠭᠠᠴᠠᠭ᠎ᠠ ᠨᠢ 1000 ᠮᠦ ᠦᠨᠳᠦᠷ ᠤᠨᠠᠯᠲᠠᠲᠤ ᠨᠤᠭᠤᠭᠠᠨ ᠳᠠᠷᠤᠰᠢ ᠶᠢᠨ ᠲᠠᠷᠢᠶᠠᠨ ᠭᠠᠵᠠᠷ ᠲᠠᠢ | ᠪᠠᠶᠢᠵᠤ᠂ ᠵᠢᠯ ᠪᠦᠷᠢ ᠲᠠᠷᠢᠵᠤ ᠪᠤᠶᠢᠵᠢᠭᠤᠯᠤᠨ ᠬᠤᠷᠢᠶᠠᠨ ᠬᠠᠳᠠᠭᠠᠯᠠᠵᠤ ᠂ ᠬᠠᠪᠤᠷ ᠤᠨ ᠣᠯᠠᠷᠢᠯ ᠤᠨ ᠪᠡᠯᠴᠢᠭᠡᠷ | ᠰᠡᠷᠭᠦᠭᠡᠬᠦ ᠬᠤᠭᠤᠴᠠᠭᠠᠨ ᠳᠤ ᠭᠠᠴᠠᠭᠠᠨ ᠤ ᠪᠠᠨ ᠮᠠᠯᠴᠢᠨ ᠡᠷᠦᠬᠡ ᠳᠤ ᠨᠦᠬᠦᠪᠦᠷᠢ ᠲᠠᠢ ᠪᠤᠷᠤᠯᠠᠭᠤᠯᠵᠤ᠂ | ᠮᠠᠯᠴᠢᠳ ᠲᠠᠭᠠᠨ ᠠᠰᠢᠭ ᠬᠥᠷᠲᠡᠭᠡᠬᠦ ᠶᠢᠨ ᠵᠡᠷᠭᠡᠪᠡᠷ ᠬᠠᠮᠲᠤ ᠶᠢᠨ ᠠᠵᠤ ᠠᠬᠤᠢ ᠶᠢᠨ ᠠᠰᠢᠭ ᠣᠷᠣᠯᠭ᠎ᠠ ᠡᠭᠦᠳᠳᠡᠭ | ᠪᠠᠶᠢᠨ᠎ᠠ᠃ ᠦᠩᠭᠡᠷᠡᠭᠰᠡᠨ ᠨᠠᠮᠤᠷ ᠲᠤᠰ ᠭᠠᠴᠠᠭ᠎ᠠ ᠨᠢ ᠨᠤᠭᠤᠭᠠᠨ ᠳᠠᠷᠤᠰᠢ ᠶᠢᠨ ᠲᠠᠷᠢᠶᠠᠨ ᠭᠠᠵᠠᠷ ᠠᠴᠠ ᠪᠠᠨ | 2000 ᠳᠣᠨ ᠨᠤᠭᠤᠭᠠᠨ ᠳᠠᠷᠤᠰᠢ ᠬᠤᠷᠢᠶᠠᠵᠤ᠂ ᠥᠨᠦ ᠬᠠᠪᠤᠷ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠳᠤ | ᠭᠠᠴᠠᠭᠠᠨ ᠤ ᠪᠠᠨ ᠮᠠᠯᠴᠢᠨ ᠡᠷᠦᠬᠡ ᠳᠤ ᠵᠠᠬ᠎ᠠ ᠳᠡᠯᠭᠡᠭᠦᠷ ᠤᠨ ᠦᠨ᠎ᠡ ᠬᠠᠩᠰᠢ ᠠᠴᠠ ᠳᠣᠨ ᠪᠦᠷᠢ ᠳᠤ ᠪᠠᠨ 50 | ᠲᠥᠭᠦᠷᠢᠭ ᠬᠢᠮᠲᠠᠬᠠᠨ ᠪᠤᠷᠤᠯᠠᠭᠤᠯᠵᠤ ᠂ ᠮᠠᠯᠴᠢᠨ ᠡᠷᠦᠬᠡ ᠶᠢᠨ ᠡᠪᠡᠰᠦ ᠪᠤᠷᠳᠤᠭ᠎ᠠ ᠳᠣᠲᠠᠭᠳᠠᠬᠤ ᠠᠰᠠᠭᠤᠳᠠᠯ ᠢ | ᠰᠢᠢᠳᠪᠦᠷᠢᠯᠡᠵᠦ᠂ ᠥᠷᠭᠡᠨ ᠤᠯᠠᠨ ᠮᠠᠯᠴᠢᠳ ᠲᠠᠭᠠᠨ ᠬᠠᠮᠲᠤ ᠶᠢᠨ ᠠᠵᠤ ᠠᠬᠤᠢ ᠶᠢᠨ ᠠᠰᠢᠭ ᠳᠣᠰᠠ ᠶᠢ | ᠬᠥᠷᠲᠡᠭᠡᠭᠰᠡᠨ ᠪᠠᠶᠢᠨ᠎ᠠ ᠃ | ᠣᠶᠢᠷ᠎ᠠ ᠶᠢᠨ ᠵᠢᠯ ᠤᠳ ᠲᠤ᠂ ᠪᠠᠶᠠᠨᠬᠤᠰᠢᠭᠤ ᠰᠤᠮᠤᠨ ᠤ ᠬᠦᠷᠡᠯᠳᠦ ᠭᠠᠴᠠᠭ᠎ᠠ ᠨᠢ ᠬᠠᠮᠲᠤ ᠶᠢᠨ ᠠᠵᠤ | ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠰᠢᠨ᠎ᠡ ᠠᠷᠭ᠎ᠠ ᠵᠠᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ | ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠵᠠᠭᠪᠤᠷ ᠤᠨ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠬᠠᠮᠲᠤ ᠶᠢᠨ ᠠᠵᠤ | ᠠᠬᠤᠢ ᠶᠢᠨ ᠪᠣᠳᠠᠲᠤ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠪᠠ᠃ ᠲᠠᠷᠠᠭᠠᠴᠢ ᠶᠢᠨ ᠠᠯᠬᠤᠮ ᠳᠤ᠂ | ᠬᠦᠷᠡᠯᠳᠦ ᠭᠠᠴᠠᠭ᠎ᠠ ᠨᠢ ᠣᠲᠣ ᠶᠢᠨ ᠪᠠᠶᠢᠭ᠎ᠠ ᠠᠵᠤ ᠦᠢᠯᠡᠰ ᠤᠨ ᠰᠠᠭᠤᠷᠢ ᠳᠠᠭᠠᠨ ᠲᠦᠰᠢᠭᠯᠡᠨ᠂ ᠭᠠᠴᠠᠭᠠᠨ ᠤ | ᠬᠠᠮᠲᠤ ᠶᠢᠨ ᠠᠵᠤ ᠠᠬᠤᠢ ᠶᠢᠨ ᠬᠡᠪᠴᠢᠶ᠎ᠡ ᠬᠢᠭᠡᠳ ᠦᠷ᠎ᠡ ᠠᠰᠢᠭ ᠢ ᠬᠥᠭᠵᠢᠭᠦᠯᠦᠨ ᠪᠤᠵᠠᠭᠠᠶᠢᠷᠠᠭᠤᠯᠵᠤ᠂ ᠮᠠᠯᠴᠢᠳ | ᠤᠨ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠂ ᠠᠮᠢᠳᠤᠷᠠᠯ ᠤᠨ ᠬᠢᠷᠢ ᠲᠦᠪᠰᠢᠨ ᠢ | ᠳᠡᠭᠡᠭᠰᠢᠯᠡᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠥᠳᠡᠯᠭᠡᠬᠦ ᠬᠦᠴᠦᠨ ᠨᠡᠮᠡᠷᠢᠯᠡᠵᠦ᠂ | ᠮᠠᠯᠵᠢᠬᠤ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ |