ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠠᠷᠠᠯᠲᠠ ᠪᠠᠷ | ᠵᠦᠭᠯᠡᠬᠦᠷ ᠪᠤᠯᠭᠠᠵᠤ᠂ ᠪᠠᠷᠠᠭᠤᠨᠦᠵᠦᠮᠦᠴᠢᠨ ᠬᠤᠰᠢᠭᠤᠨ ᠤ ᠪᠠᠶᠠᠠᠬᠤᠰᠢᠭᠤ ᠰᠤᠮᠤᠨ ᠤ ᠬᠠᠷᠠᠭᠠᠲᠤ ᠭᠠᠴᠠᠭ᠎ᠠ | ᠨᠡᠶᠢᠭᠡᠮᠴᠢᠯᠡᠭᠰᠡᠨ ᠦᠢᠯᠡᠴᠢᠯᠡᠭᠡ ᠪᠠᠷ ᠮᠠᠯᠵᠢᠬᠤ ᠣᠷᠣᠨ ᠤ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ | ᠲᠠᠶᠢᠴᠢᠯᠠᠵᠤ᠂ 2022 ᠣᠨ ᠳᠤ 10 ᠬᠥᠮᠥᠨ ᠤ ᠲᠤᠰᠬᠠᠶᠢᠵᠢᠭᠰᠠᠨ ᠨᠡᠶᠢᠭᠡᠮᠴᠢᠯᠡᠭᠰᠡᠨ ᠦᠢᠯᠡᠴᠢᠯᠡᠭᠡᠨ ᠤ | ᠲᠤᠭᠤᠶᠢᠯᠠᠩ ᠢ ᠵᠣᠬᠢᠶᠠᠨ ᠪᠠᠶᠢᠭᠤᠯᠤᠭᠰᠠᠨ ᠠᠴᠠ ᠨᠠᠰᠢ᠂ ᠡᠨᠡᠬᠦ ︽ᠮᠠᠯᠵᠢᠬᠤ ᠣᠷᠣᠨ ᠤ ᠦᠢᠯᠡᠴᠢᠯᠡᠭᠡᠨ ᠤ | ᠬᠥᠩᠭᠡᠨ ᠮᠣᠷᠢᠲᠤ ᠴᠡᠷᠢᠭ︾ ᠨᠢ ᠨᠡᠶᠢᠳᠡ 3 ᠶᠡᠭᠡ ᠲᠦᠷᠦᠯ ᠤᠨ 23 ᠵᠦᠢᠯ ᠤᠨ ᠠᠷᠠᠳ ᠲᠤ ᠲᠦᠬᠦᠮ | ᠦᠵᠡᠭᠦᠯᠬᠦ ᠦᠢᠯᠡᠴᠢᠯᠡᠭᠡ ᠬᠠᠩᠭᠠᠭᠰᠠᠨ ᠪᠠᠶᠢᠨ᠎ᠠ᠃ | 2025 ᠣᠨ ᠤ 3 ᠰᠠᠷ᠎ᠠ ᠳᠤ᠂ ᠦᠢᠯᠡᠴᠢᠯᠡᠭᠡᠨ ᠤ ᠲᠤᠭᠤᠶᠢᠯᠠᠩ ᠨᠢ ᠨᠤᠲᠤᠭ ᠲᠠᠭᠠᠨ ᠪᠤᠴᠠᠭᠰᠠᠨ | ᠣᠶᠤᠲᠠᠳ ᠲᠠᠢ ᠬᠠᠮᠲᠤᠷᠠᠨ ᠥᠪᠥᠷ ᠮᠣᠩᠭᠤᠯ ᠤᠨ ᠬᠠᠮᠲᠤ ᠲᠠᠷᠢᠶᠠᠯᠠᠩ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠲᠠᠩᠰᠠᠯᠠᠭᠤᠯᠤᠭᠰᠠᠨ ᠪᠥᠭᠡᠳ 4 ᠰᠠᠷ᠎ᠠ ᠶᠢᠨ | 30 ᠤ ᠡᠳᠦᠷ᠂ ᠬᠠᠮᠲᠤ ᠲᠠᠷᠢᠶᠠᠯᠠᠩ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ᠤᠨ | ᠬᠢᠵᠠᠭᠠᠷᠲᠤ ᠺᠣᠮᠫᠠᠨᠢ ᠶᠢᠨ ᠫᠠᠶᠢᠰᠠ ᠡᠯᠭᠦᠬᠦ ᠶᠣᠰᠣᠯᠠᠯ ᠶᠠᠪᠤᠭᠳᠠᠭᠤᠯᠵᠤ᠂ ᠪᠠᠶᠠᠠᠬᠤᠰᠢᠭᠤ ᠰᠤᠮᠤᠨ ᠤ ᠤᠳᠤᠷᠢᠳᠤᠯᠭ᠎ᠠ | ᠂ ᠭᠠᠴᠠᠭᠠᠨ ᠤ ᠡᠬᠦᠷ ᠵᠥᠪᠯᠡᠯ ᠤᠨ ᠤᠳᠤᠷᠢᠳᠬᠤ ᠪᠠᠭ ᠤᠨ ᠭᠡᠰᠢᠭᠦᠨ ᠵᠢᠴᠢ ᠮᠠᠯᠴᠢᠳ ᠤᠨ ᠲᠥᠯᠥᠭᠡᠯᠡᠭᠴᠢ ᠲᠤᠰ | ᠠᠵᠢᠯᠯᠠᠭ᠎ᠠ ᠳᠤ ᠤᠷᠤᠯᠴᠠᠵᠠᠢ᠃ | ᠬᠠᠷᠠᠭᠠᠲᠤ ᠭᠠᠴᠠᠭᠠᠨ ᠤ ᠨᠠᠮ ᠤᠨ ᠡᠭᠦᠷ ᠤᠨ ᠱᠦᠵᠢ ᠫᠠᠶᠢᠰᠠ ᠡᠯᠭᠦᠬᠦ ᠶᠣᠰᠣᠯᠠᠯ ᠳᠡᠭᠡᠷ᠎ᠡ ︽ᠲᠤᠰᠬᠠᠢ | ᠮᠡᠷᠭᠡᠵᠢᠯ ᠤᠨ ᠬᠥᠮᠥᠰ ᠢᠶᠠᠷ ᠲᠤᠰᠬᠠᠢ ᠮᠡᠷᠭᠡᠵᠢᠯ ᠤᠨ ᠠᠵᠢᠯ ᠬᠢᠯᠭᠡᠪᠡᠯ ᠰᠠᠶ᠋ᠢ ᠮᠠᠯᠴᠢᠳ ᠢ ᠳᠤᠲᠠᠭᠤ ᠭᠦᠶᠦᠯᠭᠡᠵᠦ᠂ | ᠢᠯᠡᠭᠦᠬᠡᠨ ᠠᠰᠢᠭ ᠬᠦᠷᠲᠡᠭᠡᠵᠦ ᠴᠢᠳᠠᠨ᠎ᠠ︾ ᠬᠡᠮᠡᠨ ᠢᠯᠡᠷᠬᠡᠶᠢᠯᠡᠵᠡᠢ᠃ | ᠰᠢᠨ᠎ᠡ ᠪᠠᠷ ᠪᠠᠶᠢᠭᠤᠯᠤᠭᠳᠠᠭᠰᠠᠨ ᠺᠣᠮᠫᠠᠨᠢ ᠶᠢ ᠭᠠᠴᠠᠭᠠᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠠᠩᠭᠢ ᠶᠢᠨ | ᠭᠤᠣᠯᠯᠠᠭᠴᠢ ᠬᠦᠴᠦᠨ ᠪᠣᠯᠣᠨ ᠨᠤᠲᠤᠭ ᠲᠠᠭᠠᠨ ᠪᠤᠴᠠᠭᠰᠠᠨ 3 ᠣᠶᠤᠲᠠᠨ ᠢᠶᠠᠷ ᠲᠦᠷᠦᠭᠦᠯᠡᠭᠦᠯᠦᠨ᠂ ᠮᠠᠯᠵᠢᠬᠤ | ᠣᠷᠣᠨ ᠤ ᠦᠢᠯᠡᠳᠪᠦᠷᠢᠯᠡᠯ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠠᠮ ᠤᠨ ᠡᠭᠦᠷ + | ᠨᠡᠶᠢᠭᠡᠮᠴᠢᠯᠡᠭᠰᠡᠨ ᠦᠢᠯᠡᠴᠢᠯᠡᠭᠡ + ᠮᠠᠯᠵᠢᠬᠤ ᠡᠷᠦᠬᠡ︾ ᠶᠢᠨ ᠰᠢᠨ᠎ᠡ ᠮᠠᠶ᠋ᠢᠭ ᠤᠨ ᠮᠠᠯ ᠠᠵᠤ ᠠᠬᠤᠢ ᠶᠢᠨ | ᠦᠢᠯᠡᠴᠢᠯᠡᠭᠡᠨ ᠤ ᠵᠠᠭᠪᠤᠷ ᠢ ᠪᠠᠶᠢᠭᠤᠯᠵᠤ᠂ ᠣᠯᠠᠨ ᠲᠦᠮᠡᠨ ᠳᠤ ᠦᠢᠯᠡᠴᠢᠯᠡᠬᠦ ᠬᠠᠮᠤᠭ ᠡᠴᠦᠰ ᠤᠨ ᠨᠢᠭᠡ ᠮᠧᠲᠷ ᠢ | ᠨᠡᠪᠳᠡᠷᠡᠬᠦᠯᠦᠭᠰᠡᠨ ᠪᠠᠶᠢᠨ᠎ᠠ᠃ ᠲᠤᠬᠠᠢ ᠶᠢᠨ ᠡᠳᠦᠷ ᠫᠠᠶᠢᠰᠠ ᠰᠡᠬᠦᠭᠰᠡᠨ ︽ᠬᠠᠮᠲᠤ ᠮᠠᠯ ᠤᠨ ᠡᠮ ᠤᠨ ᠳᠡᠯᠭᠡᠭᠦᠷ︾ | ᠨᠢ ᠦᠢᠯᠡᠴᠢᠯᠡᠭᠡᠨ ᠤ ᠭᠤᠣᠯ ᠠᠴᠢᠶᠠᠯᠠᠭᠴᠢ ᠪᠣᠯᠤᠭᠰᠠᠨ ᠤ ᠬᠤᠪᠢ ᠳᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠮᠠᠯ ᠤᠨ ᠬᠤᠷᠣᠬᠠᠢ ᠲᠠᠭᠤᠬᠤ ᠴᠢᠨᠠᠷ ᠰᠠᠶᠢᠲᠠᠢ ᠡᠮ᠂ ᠦᠷᠪᠢᠰᠦᠯ ᠢ ᠳᠠᠷᠤᠬᠤ ᠡᠮ᠂ ᠰᠢᠮ᠎ᠡ | ᠲᠡᠵᠢᠭᠡᠯᠲᠦ ᠪᠣᠳᠠᠰ ᠵᠡᠷᠭᠡ 200 ᠭᠠᠷᠤᠢ ᠵᠦᠢᠯ ᠤᠨ ᠡᠮ ᠤᠨ ᠵᠦᠢᠯ ᠢ ᠤᠷᠤᠭᠤᠯᠤᠭᠰᠠᠨ ᠢᠶᠠᠷ ᠦᠯᠦ ᠪᠠᠷᠠᠮ | ᠮᠠᠯ ᠤᠨ B ᠬᠡᠲᠦ ᠳᠣᠯᠭᠢᠶᠠᠨ᠂ ᠴᠢᠰᠤᠨ ᠤ ᠡᠩ ᠤᠨ ᠰᠢᠯᠭᠠᠨ ᠪᠠᠶᠢᠴᠠᠭᠠᠬᠤ ᠪᠠᠭᠠᠵᠢ ᠵᠡᠷᠭᠡ ᠲᠡᠷᠢᠭᠦᠨ ᠤ | ᠲᠥᠬᠦᠭᠡᠷᠦᠮᠵᠢ ᠶᠢ ᠴᠦ ᠢᠵᠢ ᠪᠦᠷᠢᠨᠰᠢᠬᠦᠯᠦᠭᠰᠡᠨ ᠪᠠᠶᠢᠯ᠎ᠠ᠃ ᠮᠦᠨᠴᠦ ᠮᠠᠯᠴᠢᠳ ᠤᠨ ᠬᠠᠯᠠᠭᠤᠨ ᠳᠡᠮᠵᠢᠯᠭᠡ ᠳᠤ | ᠲᠠᠯᠠᠷᠬᠠᠨ᠂ ᠲᠤᠬᠠᠢ ᠶᠢᠨ ᠲᠠᠯᠠᠪᠤᠷ ᠲᠤ ᠮᠠᠯᠴᠢᠳ ᠭᠡᠰᠢᠭᠦᠨ ᠪᠣᠯᠪᠠᠯ ᠮᠠᠯ ᠤᠨ ᠡᠮ ᠤᠨ ᠪᠡᠯᠡᠭ ᠤᠨ ᠪᠣᠭᠴᠣ ᠵᠡᠷᠭᠡ | ᠤᠯᠠᠨ ᠲᠦᠷᠦᠯ ᠤᠨ ᠱᠠᠩᠨᠠᠯ ᠤᠨ ᠪᠤᠳᠠᠰ ᠪᠡᠯᠡᠳᠭᠡᠨ᠂ ︽ᠭᠡᠰᠢᠭᠦᠳ ᠠᠴᠠ ᠱᠠᠩᠨᠠᠯ ᠰᠤᠭᠤᠯᠬᠤ︾ ᠠᠵᠢᠯᠯᠠᠭ᠎ᠠ ᠶᠢ | ᠵᠡᠷᠭᠡᠪᠡᠷ ᠡᠬᠢᠯᠡᠭᠦᠯᠵᠦ᠂ ᠨᠡᠶᠢᠲᠡ 50 ᠭᠠᠷᠤᠢ ᠮᠠᠯᠴᠢᠳ ᠤᠷᠤᠯᠴᠠᠵᠠᠢ᠃ | ᠨᠡᠩ ᠢᠯᠠᠩᠭᠤᠶ᠎ᠠ ︽ᠬᠠᠮᠳᠤ ᠮᠠᠯ ᠤᠨ ᠡᠮ ᠤᠨ ᠳᠡᠯᠭᠡᠭᠦᠷ︾ ᠤᠨ ᠲᠤᠷᠰᠢᠨ ᠡᠵᠡᠩᠨᠡᠬᠦ ᠶᠢ ᠳᠠᠭᠠᠯᠳᠤᠨ᠂ | ᠡᠨᠡᠬᠦ ᠲᠠᠯ᠎ᠠ ᠨᠤᠲᠤᠭ ᠤᠨ ︽ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ︾ ᠨᠢ ᠪᠣᠳᠠᠲᠠᠢ ᠶᠢ ᠡᠷᠬᠢᠮᠯᠡᠬᠦ ᠠᠷᠭ᠎ᠠ | ᠬᠡᠮᠵᠢᠶ᠎ᠡ ᠪᠠᠷ ᠮᠠᠯᠴᠢᠳ ᠤᠨ ᠵᠣᠯ ᠵᠢᠷᠭᠠᠯᠲᠤ ᠠᠮᠢᠳᠤᠷᠠᠯ ᠳᠤ ᠲᠤᠰᠠ ᠬᠦᠷᠬᠡᠵᠦ᠂ ᠮᠠᠯᠵᠢᠬᠤ ᠣᠷᠣᠨ ᠤ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠪᠤᠳᠠᠳᠤ ᠬᠦᠴᠦᠨ ᠨᠡᠮᠡᠷᠢᠯᠡᠭᠰᠡᠨ ᠪᠠᠶᠢᠨ᠎ᠠ᠃ |