4 ᠰᠠᠷ᠎ᠠ ᠶᠢᠨ 27 ᠤ ᠡᠳᠦᠷ ᠠᠴᠠ 29 ᠤ ᠡᠳᠦᠷ᠂ ᠵᠢᠷ ᠤᠨ ᠭᠤᠣᠯ ᠪᠠᠯᠭᠠᠰᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠵᠢᠷ ᠤᠨ ᠭᠤᠣᠯ ᠪᠠᠯᠭᠠᠰᠤᠨ ᠤ ᠨᠠᠮ ᠤᠨ ᠭᠡᠰᠢᠬᠦᠨ ᠪᠠ ᠣᠯᠠᠨ | ᠲᠦᠮᠡᠨ ᠳᠤ ᠦᠢᠯᠡᠴᠢᠯᠡᠬᠦ ᠲᠥᠪ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠯᠪᠤᠷᠢ᠂ | ᠡᠪᠯᠡᠯ ᠤᠨ ᠬᠤᠷᠢᠶ᠎ᠠ ᠠᠴᠠ ᠲᠠᠭᠠᠭᠠᠴᠢᠯᠠᠨ᠂ ᠪᠠᠷᠠᠭᠤᠨ ᠦᠵᠦᠮᠦᠴᠢᠨ ᠬᠤᠰᠢᠭᠤᠨ ᠤ ᠬᠥᠯ ᠪᠥᠮᠪᠦᠭᠡ ᠶᠢᠨ | ᠨᠡᠶᠢᠭᠡᠮᠯᠢᠭ ᠠᠴᠠ ᠬᠠᠪᠰᠤᠷᠤᠨ ᠡᠷᠬᠢᠯᠡᠵᠦ᠂ ᠵᠢᠩ ᠨᠧᠩ ᠴᠠᠬᠢᠯᠭᠠᠨ ᠤ ᠦᠢᠯᠡᠳᠪᠦᠷᠢ ᠶᠢᠨ ᠢᠳᠡᠪᠬᠢᠳᠠᠢ | ᠳᠡᠮᠵᠢᠯᠭᠡ ᠪᠠᠷ ᠵᠢᠷ ᠤᠨ ᠭᠤᠣᠯ ᠪᠠᠯᠭᠠᠰᠤᠨ ᠤ ︽ᠠᠨᠠᠷ ᠤᠨ ᠦᠷ᠎ᠡ ᠰᠢᠭ ᠢᠳᠡᠭᠡᠰᠢᠨ ᠨᠡᠶᠢᠯᠡᠯᠴᠡᠵᠦ ᠰᠡᠳᠬᠢᠯ | ᠨᠢᠬᠡᠳᠦᠨ ᠬᠦᠰᠡᠯᠡᠩ ᠢᠶᠠᠨ ᠪᠡᠶᠡᠯᠡᠬᠦᠯᠵᠦ᠂ ᠲᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠳᠠ ᠶᠢᠨ ᠲᠥᠯᠥᠭᠡ | ᠬᠠᠷᠢᠭᠤᠴᠠᠯᠭ᠎ᠠ ᠡᠭᠦᠷᠭᠡᠯᠡᠶ᠎ᠡ︾ ᠭᠤᠣᠯ ᠰᠡᠳᠦᠪᠳᠤ ︽ᠲᠠᠪᠤᠨ ᠰᠠᠷ᠎ᠠ ᠶᠢᠨ ᠲᠦᠷᠪᠡᠨ︾ ᠤ ᠵᠠᠯᠠᠭᠤᠴᠤᠳ ᠤᠨ | ᠪᠠᠶᠠᠷ ᠢ ᠪᠡᠯᠭᠡᠯᠡᠬᠦ ᠬᠥᠳᠡᠯᠭᠡᠭᠡᠨ ᠵᠢᠴᠢ ᠬᠤᠶᠠᠳᠤᠭᠠᠷ ᠤᠳᠠᠭᠠᠨ ᠤ ︽ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠬᠤᠨᠳᠠᠭᠠᠳᠤ︾ ᠲᠠᠪᠤᠨ ᠬᠥᠮᠥᠨ ᠤ ᠳᠦᠷᠢᠮᠲᠦ ᠬᠥᠯ ᠪᠥᠮᠪᠦᠭᠡ ᠶᠢᠨ ᠤᠷᠤᠯᠳᠤᠭᠠᠨ ᠨᠢ ᠬᠤᠰᠢᠭᠤ | ᠬᠥᠯ ᠪᠥᠮᠪᠥᠭᠡᠨ ᠣᠷᠳᠣᠨ ᠳᠤ ᠬᠦᠷ ᠬᠥᠭᠵᠢᠶᠡᠨ ᠲᠠᠢ ᠶᠠᠪᠤᠭᠳᠠᠵᠠᠢ᠃ | ᠤᠷᠤᠯᠳᠤᠭᠠᠨ ᠤ ᠲᠠᠯᠠᠪᠠᠢ ᠳᠤ ᠬᠦᠷ ᠬᠥᠭᠵᠢᠶᠡᠨ ᠢᠶᠠᠷ ᠪᠢᠯᠬᠠᠵᠤ᠂ ᠪᠦᠬᠦ ᠪᠠᠯᠭᠠᠰᠤᠨ ᠤ 10 | ᠲᠥᠯᠥᠭᠡᠯᠡᠭᠴᠢᠳ ᠤᠨ ᠪᠠᠭ ᠤᠨ 100 ᠭᠠᠷᠤᠢ ᠲᠠᠮᠢᠷᠴᠢᠨ ᠣᠷᠣᠯᠴᠠᠵᠤ᠂ 3 ᠡᠳᠦᠷ ᠤᠨ ᠲᠤᠷᠰᠢ 24 ᠲᠠᠯᠠᠪᠤᠷ | ᠭᠤᠶᠢᠳᠠ ᠰᠠᠶᠢᠬᠠᠨ ᠤᠷᠤᠯᠳᠤᠭᠠᠨ ᠶᠠᠪᠤᠭᠳᠠᠭᠤᠯᠵᠠᠢ᠃ ᠲᠠᠯᠠᠪᠠᠢ ᠳᠤ᠂ ᠲᠠᠮᠢᠷᠴᠢᠳ ᠴᠤᠭ ᠵᠢᠪᠬᠤᠭ᠎ᠠ ᠪᠠᠳᠠᠷᠠᠭᠤᠨ᠂ | ᠪᠥᠬᠦ ᠬᠦᠴᠦᠨ ᠢᠶᠠᠷ ᠲᠡᠮᠡᠴᠡᠨ᠂ ᠥᠪᠡᠷ ᠤᠨ ᠬᠦᠴᠦ ᠬᠥᠯᠥᠰᠦ ᠪᠠ ᠴᠢᠷᠮᠠᠶᠢᠯᠭ᠎ᠠ ᠪᠠᠷ ᠢᠶᠠᠨ ︽ᠵᠣᠷᠢᠭᠲᠠᠢ ᠪᠠᠷ | ᠲᠡᠮᠡᠴᠡᠵᠦ᠂ ᠵᠣᠷᠢᠭᠲᠠᠢ ᠪᠠᠷ ᠥᠷᠢᠰᠦᠯᠳᠦᠬᠦ︾ ᠵᠠᠯᠠᠭᠤᠴᠤᠳ ᠤᠨ ᠬᠡᠪ ᠰᠤᠷᠲᠠᠯ ᠢ ᠢᠯᠡᠷᠡᠭᠦᠯᠵᠠᠢ᠃ | ᠬᠤᠷᠴᠠ ᠰᠢᠷᠦᠭᠦᠨ ᠮᠥᠷᠥᠶᠢᠴᠡᠭᠡᠨ ᠤ ᠡᠴᠦᠰ ᠲᠤ᠂ ᠪᠠᠶᠠᠩᠭᠤᠤᠯ ᠭᠠᠴᠠᠭᠠᠨ ᠤ ᠲᠥᠯᠥᠭᠡᠯᠡᠭᠴᠢᠳ ᠤᠨ | ᠪᠠᠭ ᠭᠠᠷᠮᠠᠭᠠᠢ ᠴᠢᠳᠠᠪᠤᠷᠢ ᠢᠳᠡᠪᠬᠢᠳᠠᠢ ᠬᠠᠮᠵᠢᠯᠴᠠᠭ᠎ᠠ ᠪᠠᠷ ᠲᠤᠰ ᠤᠳᠠᠭᠠᠨ ᠤ ᠤᠷᠤᠯᠳᠤᠭᠠᠨ ᠳᠤ ᠮᠠᠩᠯᠠᠶᠢᠯᠠᠵᠤ᠂ | ᠭᠤᠷᠪᠠᠨᠪᠤᠯᠠᠭ ᠭᠠᠴᠠᠭᠠᠨ ᠤ ᠲᠥᠯᠥᠭᠡᠯᠡᠭᠴᠢᠳ ᠤᠨ ᠪᠠᠭ ᠲᠡᠳ᠋ ᠨᠡᠷ᠎ᠡ᠂ ᠪᠠᠶᠠᠠᠴᠡᠩᠭᠡᠯ ᠭᠠᠴᠠᠭᠠᠨ ᠤ | ᠲᠥᠯᠥᠭᠡᠯᠡᠭᠴᠢᠳ ᠤᠨ ᠪᠠᠭ ᠭᠤᠷᠪᠠᠳᠤᠭᠠᠷ ᠨᠡᠷ᠎ᠡ᠂ ᠵᠢᠷ ᠤᠨ ᠭᠤᠣᠯ ᠪᠠᠯᠭᠠᠰᠤᠨ ᠤ ᠲᠥᠯᠥᠭᠡᠯᠡᠭᠴᠢᠳ ᠤᠨ ᠪᠠᠭ | ᠲᠦᠷᠪᠡᠳᠦᠭᠡᠷ ᠨᠡᠷᠡᠰ ᠲᠤ ᠲᠣᠰᠪᠤᠷᠢ ᠲᠣᠳᠣᠷᠠᠭᠰᠠᠨ ᠪᠠᠶᠢᠨ᠎ᠠ᠃ | |