4 ᠰᠠᠷ᠎ᠠ ᠶᠢᠨ 29 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠨᠡᠶᠢᠭᠡᠮ ᠤᠨ | ᠠᠵᠢᠯ ᠤᠨ ᠬᠡᠯᠲᠡᠰ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ︽ᠬᠤᠶᠠᠷ ᠰᠢᠨ᠎ᠡ︾ ᠶᠢᠨ | ᠠᠵᠢᠯ ᠤᠨ ᠵᠥᠪᠯᠡᠯ ᠬᠠᠮᠲᠤᠷᠠᠨ ᠡᠷᠬᠢᠯᠡᠭᠰᠡᠨ ᠰᠢᠨ᠎ᠡ ᠠᠵᠢᠯ ᠲᠦᠷᠦᠯ ᠤᠨ ᠪᠦᠯᠬᠦᠮ ᠢ ᠬᠠᠯᠠᠮᠵᠢᠯᠠᠨ ᠬᠠᠶᠢᠷᠠᠯᠠᠬᠤ | ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠨ ᡁᠢ ᠭᠦᠸᠧ ᠠᠵᠢᠯᠯᠠᠭ᠎ᠠ ᠳᠤ ᠣᠷᠣᠯᠴᠠᠵᠤ | ᠪᠠᠶᠠᠷ ᠤᠨ ᠦᠭᠡ ᠬᠡᠯᠡᠵᠡᠢ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤ | ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠪᠠᠯᠭᠠᠷ ᠭᠤᠣᠯ ᠪᠠᠯᠭᠠᠰᠤᠨ ᠤ ᠨᠠᠮ ᠤᠨ ᠬᠤᠷᠢᠶ᠎ᠠ᠂ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠳᠣᠲᠣᠭᠠᠳᠤ ᠶᠢ ᠬᠠᠮᠠᠭᠠᠯᠠᠬᠤ | ᠲᠣᠪᠴᠢᠶᠠᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠥᠬᠦᠳ ᠠᠵᠢᠯᠯᠠᠭ᠎ᠠ ᠳᠤ ᠣᠷᠣᠯᠴᠠᠵᠤ᠂ ᠪᠦᠭᠦ ᠬᠤᠰᠢᠭᠤᠨ ᠤ 9 ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠠᠵᠤ | ᠠᠬᠤᠶᠢᠯᠠᠯ ᠤᠨ ᠬᠠᠷᠢᠭᠤᠴᠠᠯᠭᠠᠲᠠᠨ ᠪᠠ 60 ᠭᠠᠷᠤᠢ ᠰᠢᠨ᠎ᠡ ᠠᠵᠢᠯ ᠲᠦᠷᠦᠯ ᠤᠨ ᠬᠦᠮᠦᠰ ᠤᠨ ᠲᠥᠯᠥᠭᠡᠯᠡᠭᠴᠢ | ᠠᠵᠢᠯᠯᠠᠭ᠎ᠠ ᠳᠤ ᠣᠷᠣᠯᠴᠠᠵᠠᠢ᠃ | ᠠᠵᠢᠯᠯᠠᠭ᠎ᠠ ᠳᠤ᠂ 9 ᠨᠡᠷ᠎ᠡ ︽ᠰᠢᠨ᠎ᠡ ᠪᠠᠷ ᠮᠠᠨᠳᠤᠭᠰᠠᠨ ᠬᠦᠷᠢᠶᠡᠨ ᠤ ᠰᠢᠯᠢᠳᠡᠭ ᠠᠵᠢᠯᠴᠢᠨ︾ ᠢ ᠱᠠᠩᠨᠠᠨ | ᠵᠣᠷᠢᠭᠵᠢᠭᠤᠯᠵᠣ᠂ 10 ᠰᠢᠨ᠎ᠡ ᠠᠵᠢᠯ ᠲᠦᠷᠦᠯ ᠤᠨ ᠪᠦᠯᠬᠦᠮ ᠤᠨ ︽ᠲᠤᠰᠢᠶᠠᠯ ᠬᠠᠪᠰᠤᠷᠭᠠᠭᠰᠠᠨ ᠰᠦᠯᠵᠢᠶᠡᠨ ᠤ | ᠠᠵᠢᠯᠲᠠᠨ︾ ᠳᠤ ᠤᠷᠢᠯᠭ᠎ᠠ ᠶᠢᠨ ᠪᠢᠴᠢᠭ ᠣᠯᠭᠤᠭᠰᠠᠨ ᠪᠥᠭᠡᠳ ︽ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ | ᠠᠵᠢᠯ ᠲᠦᠷᠦᠯ ᠤᠨ ᠪᠦᠯᠬᠦᠮ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ︾ ᠶᠢᠨ ᠲᠤᠭ ᠢ ᠣᠯᠭᠤᠵᠤ᠂ | 16 ᠰᠢᠨ᠎ᠡ ᠠᠵᠢᠯ ᠲᠦᠷᠦᠯ ᠤᠨ ᠪᠦᠯᠬᠦᠮ ᠤᠨ ᠡᠮᠡᠭᠲᠡᠢ ᠠᠵᠢᠯᠴᠢᠨ ᠳᠤ ᠲᠤᠬᠤᠨᠢᠭᠤᠯᠭ᠎ᠠ ᠶᠢᠨ ᠪᠤᠳᠠᠰ | ᠭᠦᠷᠬᠡᠭᠰᠡᠨ ᠪᠠᠶᠢᠨ᠎ᠠ᠃ |