ᠬᠤᠯᠠᠨ ᠰᠢᠷᠭ᠎ᠠ ᠳᠠᠭ᠎ᠠ ᠶᠢᠨ ᠡᠯᠡᠰᠦ ᠶᠢ ᠵᠠᠰᠠᠬᠤ ᠳᠠᠶᠢᠯᠠᠯᠳᠤᠭᠠᠨ ᠳᠤ ᠠᠩᠬᠠᠷᠤᠯ ᠢᠶᠠᠨ ᠲᠦᠪᠯᠡᠷᠡᠭᠦᠯᠬᠦᠢ | ᠭᠤᠴᠢᠨ ᠨᠠᠢᠮᠠᠨ ᠵᠢᠯ ᠤᠨ ᠦᠢᠭ᠎ᠠ ᠦᠭᠡᠢ ᠵᠢᠳᠬᠦᠯ | ᠬᠠᠮ ᠵᠠᠭᠤᠴᠢᠯᠠᠭᠤᠷ ᠤᠨ ᠰᠤᠷᠪᠤᠯᠵᠢᠯᠠᠭᠴᠢ | ᠰᠢᠨᠠᠨᠠᠪᠴᠢ ᠬᠦᠴᠦᠨᠳᠡᠬᠦᠰ | | ︽ᠰᠠᠨᠠᠵᠤ ᠶᠠᠪᠤᠪᠠᠯ ᠪᠦᠳᠦᠨ᠎ᠡ᠂ ᠰᠠᠵᠢᠯᠠᠵᠤ ᠶᠠᠪᠤᠪᠠᠯ ᠬᠦᠷᠦᠨ᠎ᠡ︾ ᠬᠡᠳᠡᠭᠴᠢᠯᠡᠨ ᠭᠤᠴᠢᠨ ᠨᠠᠢᠮᠠᠨ ᠬᠠᠪᠤᠷ ᠨᠠᠮᠤᠷ | ᠤᠨ ᠤᠯᠠᠷᠢᠨ ᠬᠤᠪᠢᠰᠬᠤ ᠤᠨ ᠤ ᠬᠦᠷᠲᠦ ᠳᠤ᠂ ᠦᠵᠦᠮᠦᠴᠢᠨ ᠡᠯᠡᠰᠦ ᠶᠢ ᠰᠡᠷᠭᠡᠶᠢᠯᠡᠨ ᠵᠠᠰᠠᠬᠤ ᠦᠢᠯᠡᠰ ᠲᠤ ᠤᠷᠢ | ᠵᠠᠯᠠᠭᠤ ᠨᠠᠰᠤ᠂ ᠤᠶᠢᠭ᠎ᠠ ᠦᠭᠡᠢ ᠬᠦᠳᠡᠯᠮᠦᠷᠢ ᠪᠠᠨ ᠬᠠᠷᠠᠮ ᠦᠭᠡᠢ ᠡᠷᠭᠦᠭᠰᠡᠨ ᠨᠢᠭᠡᠨ ᠪᠤᠯ ᠪᠠᠷᠠᠭᠤᠨ ᠦᠵᠦᠮᠦᠴᠢᠨ | ᠬᠤᠰᠢᠭᠤᠨ ᠤ ᠤᠢ ᠰᠢᠭᠤᠢ ᠶᠢᠨ ᠦᠢᠯᠡᠰ ᠤᠨ ᠬᠦᠭᠵᠢᠬᠦᠯᠦᠯᠲᠡ ᠶᠢᠨ ᠲᠦᠪ ᠤᠨ ᠡᠷᠬᠢᠯᠡᠭᠴᠢ᠂ ᠤᠢ ᠰᠢᠭᠤᠢ ᠶᠢᠨ | ᠦᠢᠯᠡᠰ ᠤᠨ ᠦᠨᠳᠦᠷ ᠲᠡᠰ ᠤᠨ ᠢᠨᠵᠢᠨᠧᠷ ᠶᠤᠸᠠᠨ ᠭᠤᠸᠠᠩ ᠪᠤᠯᠤᠨ᠎ᠠ᠃ | | | ︽ᠪᠠᠷᠠᠭᠤᠨ ᠦᠵᠦᠮᠦᠴᠢᠨ ᠬᠤᠰᠢᠭᠤᠨ ᠤ ᠬᠠᠷᠢᠶᠠᠨ ᠳᠠᠬᠢ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠶᠡᠷᠦᠩᠭᠡᠶᠢᠯᠡᠨ | ᠵᠠᠰᠠᠬᠤ ᠲᠠᠯᠠᠪᠠᠢ ᠨᠢ ᠨᠡᠶᠢᠲᠡ 434.63 ᠲᠦᠮᠡᠨ ᠮᠦ ᠪᠠᠶᠢᠵᠤ᠂ ᠤᠮᠠᠷᠠᠲᠤ ᠶᠢᠨ ᠠᠮᠢ ᠠᠬᠤᠢ ᠶᠢ ᠬᠠᠮᠠᠭᠠᠯᠠᠬᠤ ᠴᠢᠬᠤᠯᠠ | ᠡᠭᠦᠷᠭᠡ ᠶᠢ ᠡᠭᠦᠷᠭᠡᠯᠡᠨ᠂ 7 ᠰᠤᠮᠤ ᠪᠠᠯᠭᠠᠰᠤᠨ ᠤ 36 ᠭᠠᠴᠠᠭ᠎ᠠ ᠲᠠᠢ ᠬᠤᠯᠪᠤᠭᠳᠠᠳᠠᠭ᠃ ᠪᠢᠳᠡ ᠡᠷᠬᠡᠪᠰᠢ ᠡᠯᠡᠰᠦ ᠶᠢ | ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠦᠷᠭᠡᠨ ᠤᠯᠠᠨ ᠮᠠᠯᠴᠢᠨ ᠲᠦᠮᠡᠨ ᠳᠤ ᠪᠤᠳᠠᠳᠤ ᠦᠷ᠎ᠡ ᠠᠰᠢᠭ | ᠬᠦᠷᠳᠡᠭᠡᠵᠦ᠂ ᠡᠬᠡ ᠤᠯᠤᠰ ᠤᠨ ᠤᠮᠠᠷᠠᠲᠤ ᠬᠢᠯᠢ ᠶᠢᠨ ᠬᠠᠯᠬᠠᠪᠴᠢ ᠶᠢ ᠪᠠᠳᠤ ᠪᠠᠬᠢᠵᠢᠬᠦᠯᠦᠨ᠂ ᠨᠤᠮᠢᠨ ᠨᠤᠭᠤᠭᠠᠨ ᠲᠠᠯ᠎ᠠ | ᠨᠤᠳᠤᠭ ᠢᠶᠠᠨ ᠦᠷ᠎ᠡ ᠬᠤᠶᠢᠴᠢᠰ ᠲᠤ ᠪᠠᠨ ᠵᠠᠯᠭᠠᠮᠵᠢᠯᠠᠭᠤᠯᠬᠤ ᠬᠡᠷᠡᠭᠲᠠᠢ᠂ ᠡᠨᠡ ᠪᠤᠯ ᠤᠢ ᠰᠢᠭᠤᠢ ᠶᠢᠨ ᠦᠢᠯᠡᠰ ᠤᠨ | ᠬᠦᠭᠵᠢᠬᠦᠯᠦᠯᠲᠡ ᠶᠢᠨ ᠠᠵᠢᠯᠳᠠᠨ ᠪᠤᠯᠤᠭᠰᠠᠨ ᠮᠢᠨᠦ ᠲᠠᠷᠬᠠᠨ ᠡᠭᠦᠷᠭᠡ ᠮᠦᠨ ᠁︾ ᠬᠡᠮᠡᠨ ᠶᠤᠸᠠᠨ ᠭᠤᠸᠠᠩ ᠰᠡᠳᠬᠢᠯ | ᠲᠤᠭᠳᠤᠯᠤᠩᠬᠠᠨ ᠶᠠᠷᠢᠨ᠎ᠠ᠃ | | ᠲᠡᠷᠡᠪᠡᠷ 1986 ᠣᠨ ᠳᠤ ᠠᠵᠢᠯ ᠤᠨ ᠭᠠᠷᠤᠭ᠎ᠠ ᠪᠠᠨ ᠠᠪᠤᠭᠰᠠᠨ ᠠᠴᠠ ᠡᠬᠢᠯᠡᠨ᠂ ᠡᠭᠦᠷᠭᠡ ᠬᠠᠷᠢᠭᠤᠴᠠᠯᠭ᠎ᠠ ᠪᠠᠨ | ᠲᠡᠭᠡᠳᠦᠯᠡᠨ᠂ ᠪᠠᠷᠠᠭᠤᠨ ᠦᠵᠦᠮᠦᠴᠢᠨ ᠬᠤᠰᠢᠭᠤᠨ ᠤ ᠡᠯᠡᠰᠦ ᠶᠢ ᠰᠡᠷᠭᠡᠶᠢᠯᠡᠨ ᠵᠠᠰᠠᠬᠤ ᠪᠠ ᠤᠢ ᠰᠢᠭᠤᠢ ᠶᠢᠨ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠡᠮᠦᠨ᠎ᠡ ᠹᠷᠤᠨᠲ ᠲᠤ ᠭᠠᠪᠰᠢᠭᠠᠶᠢᠯᠠᠨ᠂ ᠮᠤᠩᠭᠤᠯ ᠬᠢᠳᠡᠳ | ᠲᠡᠭᠰᠢ ᠬᠡᠯᠡ ᠲᠠᠢ ᠳᠠᠪᠠᠭᠤᠯᠢᠭ ᠢᠶᠠᠨ ᠠᠰᠢᠭᠯᠠᠨ᠂ ᠦᠨᠳᠦᠰᠦᠨ ᠱᠠᠲᠤᠨ ᠤ ᠤᠢ ᠰᠢᠭᠤᠢ ᠶᠢᠨ ᠦᠢᠯᠡᠰ ᠪᠣᠯᠣᠨ ᠮᠠᠯᠴᠢᠨ | ᠲᠦᠮᠡᠨ ᠳᠤ ᠦᠢᠯᠡᠴᠢᠯᠡᠵᠦ᠂ ᠤᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠲᠤ | ᠴᠢᠷᠮᠠᠶᠢᠨ ᠵᠢᠳᠬᠦᠭᠰᠡᠭᠡᠷ ᠢᠷᠡᠵᠠᠢ᠃ | ᠡᠶᠢᠨᠬᠦ ᠤᠨ ᠴᠠᠭ ᠤᠨ ᠡᠭᠡᠯᠵᠢ ᠬᠠᠯᠠᠭᠠᠨ ᠳᠤ᠂ ᠲᠤᠬᠠᠶᠢᠯᠠᠭᠰᠠᠨ ᠠᠵᠢᠯ ᠳᠠᠭᠠᠨ ᠭᠠᠷᠰᠢᠭᠰᠠᠨ ᠲᠡᠷᠡᠪᠡᠷ ᠡᠩ ᠤᠨ ᠨᠢᠭᠡ | ᠣᠶ ᠰᠢᠭᠤᠢ ᠶᠢᠨ ᠠᠵᠢᠯᠲᠠᠨ ᠪᠠᠶᠢᠭᠰᠠᠨ ᠠᠴᠠ ᠪᠠᠨ ᠠᠭᠠᠵᠢᠮ ᠢᠶᠠᠷ ᠣᠶ ᠰᠢᠭᠤᠢ ᠶᠢᠨ ᠰᠢᠰᠲ᠋ᠧᠮ ᠤᠨ ᠭᠤᠣᠯᠯᠠᠭᠴᠢ | ᠬᠦᠴᠦᠨ ᠪᠣᠯᠵᠤ᠂ 2021 ᠣᠨ ᠳᠤ ᠬᠤᠰᠢᠭᠤ ᠲᠠᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠢ | ᠮᠡᠷᠭᠡᠵᠢᠯᠲᠡᠨ ᠢᠶᠠᠷ ᠤᠷᠢᠭᠳᠠᠭᠰᠠᠨ ᠶᠤᠮ᠃ | ᠲᠡᠷᠡ ᠦᠷᠭᠦᠯᠵᠢ ᠬᠠᠮᠢᠶᠠᠲᠠᠢ ᠲᠦᠷᠦ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠪᠠ ᠮᠡᠷᠭᠡᠵᠢᠯ ᠤᠨ ᠭᠠᠷ ᠳᠡᠪᠲᠡᠷ | ᠢᠶᠠᠨ ᠡᠪᠦᠷᠳᠦᠯᠡᠨ ᠂ ᠮᠠᠯᠴᠢᠳ ᠤᠨ ᠲᠤᠮᠳᠠ ᠬᠦᠨᠵᠡᠭᠡᠶᠢᠷᠡᠵᠦ᠂ ᠬᠠᠮᠢᠶᠠᠲᠠᠢ ᠲᠦᠷᠦ ᠶᠢᠨ ᠪᠤᠳᠤᠯᠭ᠎ᠠ ᠶᠢ ᠤᠬᠠᠭᠤᠯᠬᠤ ᠶᠢᠨ | ᠲᠠᠭᠠᠤ ᠡᠯᠡᠰᠦ ᠶᠢ ᠰᠡᠷᠭᠡᠶᠢᠯᠡᠨ ᠵᠠᠰᠠᠬᠤ ᠠᠵᠢᠯ ᠤᠨ ᠠᠯᠤᠰ ᠬᠡᠳᠦ ᠶᠢᠨ ᠠᠴᠢ ᠬᠤᠯᠪᠤᠭᠳᠠᠯ ᠢ ᠬᠦᠨᠵᠡᠭᠡᠢ ᠵᠠᠳᠠᠯᠤᠨ | ᠲᠠᠶᠢᠯᠪᠤᠷᠢᠯᠠᠵᠤ᠂ ᠮᠠᠯᠴᠢᠳ ᠤᠨ ᠡᠯᠡᠰᠦ ᠶᠢ ᠰᠡᠷᠭᠡᠶᠢᠯᠡᠨ ᠵᠠᠰᠠᠬᠤ ᠤᠬᠠᠮᠰᠠᠷ ᠢ ᠲᠠᠰᠣᠷᠠᠯᠲᠠ ᠦᠭᠡᠢ ᠨᠡᠮᠡᠭᠳᠡᠬᠦᠯᠦᠨ᠂ ᠪᠦᠬᠦ | ᠬᠦᠴᠦᠨ ᠢ ᠲᠠᠶᠢᠴᠢᠯᠠᠨ᠂ ᠡᠯᠡᠰᠦ ᠶᠢ ᠰᠡᠷᠭᠡᠶᠢᠯᠡᠨ ᠵᠠᠰᠠᠬᠤ ᠠᠵᠢᠯ ᠳᠤ ᠰᠢᠭᠤᠷᠬᠠᠶᠢᠯᠠᠳᠠᠭ ᠃ | | 2000 ᠣᠨ ᠳᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠢ ᠡᠬᠢᠯᠡᠭᠦᠯᠬᠦ | ᠦᠶ᠎ᠡ ᠳᠤ᠂ ᠶᠤᠸᠠᠨ ᠭᠤᠸᠠᠩ ᠲᠡᠷᠡ ᠲᠠᠷᠤᠢ ᠡᠮᠦᠨ᠎ᠡ ᠹᠷᠣᠨᠲ ᠲᠤ ᠰᠢᠭᠤᠷᠬᠠᠶᠢᠯᠠᠬᠤ ᠪᠠᠷ ᠭᠤᠶᠤᠴᠢᠯᠠᠵᠤ᠂ ᠲᠦᠷᠦᠯ | ᠵᠦᠢᠯ ᠤᠨ ᠣᠷᠣᠨ ᠨᠢ ᠣᠯᠠᠨ ᠮᠠᠯᠵᠢᠬᠤ ᠡᠷᠦᠬᠡ ᠲᠠᠢ ᠬᠤᠯᠪᠣᠭᠳᠠᠵᠤ᠂ ᠠᠵᠢᠯ ᠥᠷᠨᠢᠭᠦᠯᠬᠦ ᠳᠤ ᠳᠠᠪᠬᠤᠷ ᠳᠠᠪᠬᠤᠷ | ᠬᠦᠴᠢᠷ ᠪᠡᠷᠬᠡᠰᠢᠶᠡᠯ ᠲᠤᠯᠭᠠᠷᠠᠵᠤ ᠪᠠᠶᠢᠭᠰᠠᠨ ᠴᠦ ᠲᠡᠷᠡᠪᠡᠷ ᠲᠡᠰᠪᠦᠷᠢ ᠲᠡᠪᠴᠢᠶᠡᠷᠢᠲᠠᠢ ᠪᠠᠷ ᠲᠥᠷᠥᠯ ᠵᠦᠢᠯ ᠤᠨ ᠲᠣᠭᠤᠷᠢᠭ | ᠲᠤ ᠬᠤᠯᠪᠣᠭᠳᠠᠭᠰᠠᠨ ᠮᠠᠯᠵᠢᠬᠤ ᠡᠷᠦᠬᠡ ᠳᠤ ᠢᠳᠡᠪᠬᠢᠲᠡᠢ ᠪᠠᠷ ᠤᠬᠠᠭᠤᠯᠭ᠎ᠠ ᠬᠢᠵᠦ᠂ ᠲᠡᠳᠡᠨ ᠤ ᠡᠷᠡᠬᠡᠯᠵᠡᠨ ᠲᠠᠳᠠᠭᠠᠯᠵᠠᠵᠤ | ᠪᠠᠶᠢᠭᠰᠠᠨ ᠠᠰᠠᠭᠤᠯᠲᠠ ᠶᠢᠨ ᠲᠤᠭᠤᠷᠢᠨ ᠳᠤ ᠨᠢᠭᠡᠳ ᠨᠢᠭᠡ ᠪᠠᠷ ᠨᠠᠷᠢᠨ ᠨᠢᠮᠪᠠᠢ ᠬᠠᠷᠢᠭᠤᠯᠲᠠ ᠥᠭᠴᠦ᠂ ᠮᠠᠯᠴᠢᠨ | ᠲᠦᠮᠡᠨ ᠤ ᠰᠠᠶᠢᠨ ᠦᠨᠡᠯᠡᠯᠲᠡ ᠵᠢᠴᠢ ᠢᠳᠡᠭᠡᠯ ᠨᠠᠶᠢᠳᠠᠯᠭ᠎ᠠ ᠶᠢ ᠤᠯᠵᠤ᠂ ᠠᠵᠢᠯ ᠲᠦᠷᠦᠯ ᠤᠨ ᠢᠯᠭᠤᠮ ᠤᠷᠤᠭᠰᠢᠲᠠᠢ | ᠶᠠᠪᠤᠭᠳᠠᠬᠤ ᠶᠢ ᠪᠠᠳᠤᠯᠠᠭᠰᠠᠨ ᠪᠠᠶᠢᠳᠠᠭ᠃ | ᠶᠤᠸᠠᠨ ᠭᠤᠸᠠᠩ ᠦᠷᠭᠦᠯᠵᠢ ᠮᠠᠯᠴᠢᠳ ᠲᠤ᠄ ︽ᠡᠯᠡᠰᠦᠷᠬᠡᠭ ᠭᠠᠵᠠᠷ ᠨᠢ ᠮᠠᠨ ᠤ ᠠᠮᠢᠳᠤᠷᠠᠯ ᠤᠨ ᠣᠷᠴᠢᠨ | ᠲᠣᠭᠤᠷᠢᠨ ᠢ ᠨᠥᠯᠥᠭᠡᠯᠡᠬᠦ ᠪᠠᠷ ᠪᠠᠷᠠᠬᠤ ᠦᠭᠡᠢ᠂ ᠪᠠᠰᠠ ᠦᠷ᠎ᠡ ᠬᠤᠶᠢᠴᠢᠰ ᠤᠨ ᠢᠷᠡᠭᠡᠳᠦᠢ ᠲᠠᠢ ᠬᠤᠯᠪᠣᠭᠳᠠᠵᠤ ᠪᠠᠶᠢᠳᠠᠭ᠂ | ᠪᠢᠳᠡ ᠬᠠᠮᠲᠤ ᠪᠠᠷ ᠴᠢᠷᠮᠠᠶᠢᠪᠠᠯ᠂ ᠡᠯᠡᠰᠦᠷᠬᠡᠭ ᠭᠠᠵᠠᠷ ᠢ ᠯᠠᠪᠲᠠᠢ ᠪᠠᠶᠠᠨ ᠪᠦᠷᠢᠳᠦ ᠪᠣᠯᠭᠠᠵᠤ ᠴᠢᠳᠠᠨ᠎ᠠ︕︾ ᠬᠡᠮᠡᠨ | ᠮᠠᠯᠴᠢᠳ ᠤᠨ ᠢᠳᠡᠭᠡᠯ ᠵᠤᠷᠢᠭ ᠢ ᠬᠦᠪᠴᠢᠯᠡᠨ᠂ ᠤᠯᠠᠨ ᠲᠦᠮᠡᠨᠤ ᠡᠯᠡᠰᠦ ᠶᠢ ᠰᠡᠷᠬᠡᠶᠢᠯᠡᠨ ᠵᠠᠰᠠᠬᠤ ᠳᠤ ᠣᠷᠣᠯᠴᠠᠬᠤ | ᠤᠷᠮ᠎ᠠ ᠵᠣᠷᠢᠭ ᠢ ᠪᠠᠳᠤᠳᠬᠠᠨ᠂ ᠦᠪᠡᠷ ᠤᠨ ᠪᠡᠶ᠎ᠡ ᠪᠠᠷ ᠢᠶᠠᠨ ᠲᠠᠶᠢᠴᠢᠯᠠᠨ ᠲᠠᠭᠠᠭᠤᠯᠵᠤ᠂ ᠲᠥᠷᠥᠯ ᠵᠦᠢᠯ ᠢ | ᠨᠠᠶᠢᠳᠠᠪᠤᠷᠢᠵᠢᠭᠤᠯᠬᠤ᠂ ᠮᠡᠷᠭᠡᠵᠢᠯ ᠤᠨ ᠵᠢᠯᠣᠭᠤᠳᠤᠯᠭ᠎ᠠ᠂ ᠰᠢᠯᠭᠠᠨ ᠪᠠᠶᠢᠴᠠᠭᠠᠯᠲᠠ ᠬᠢᠬᠦ ᠵᠡᠷᠭᠡ ᠪᠠᠷ ᠲᠠᠮᠵᠢᠨ ᠡᠯ᠎ᠡ ᠲᠠᠯ᠎ᠠ | ᠶᠢᠨ ᠠᠵᠢᠯ ᠤᠨ ᠵᠠᠩᠭᠢᠯᠠᠭ᠎ᠠ ᠶᠢᠨ ᠭᠤᠭᠴᠤᠭᠠᠨ ᠳᠤ ᠬᠠᠨᠴᠤᠢ ᠰᠢᠮᠡᠯᠡᠨ᠂ ᠰᠠᠯᠬᠢ ᠪᠤᠷᠤᠭᠠᠨ ᠢ ᠰᠦᠷᠦᠨ᠂ ᠠᠭᠠᠬᠢᠮ᠎ᠠ | ᠬᠠᠯᠠᠭᠤᠨ ᠲᠡᠰᠬᠢᠮ᠎ᠡ ᠬᠦᠢᠳᠡᠨ ᠳᠤ ᠵᠤᠷᠢᠭ ᠰᠢᠨᠳᠠᠷᠠᠰᠢ ᠦᠭᠡᠢ ᠡᠷᠠᠮᠡᠬᠡᠶᠢᠯᠡᠨ ᠵᠢᠳᠭᠦᠭᠰᠡᠭᠡᠷ ᠢᠷᠡᠵᠠᠢ᠃ | ᠨᠡᠩ ᠴᠦ 2009 ᠣᠨ ᠤ ᠬᠠᠮᠲᠤ ᠶᠢᠨ ᠤᠢ ᠮᠣᠳᠣᠨ ᠤ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ | ᠬᠤᠭᠤᠴᠠᠭᠠᠨ ᠳᠤ᠂ ᠶᠤᠸᠠᠨ ᠭᠤᠸᠠᠩ ᠪᠦᠯᠬᠦᠮ ᠨᠡᠶᠢᠲᠡ ᠪᠠᠨ ᠳᠠᠭᠠᠭᠤᠯᠤᠨ ᠨᠢᠭᠡ ᠵᠢᠯ ᠤᠨ ᠬᠤᠭᠤᠴᠠᠭᠠᠨ ᠳᠤ ᠪᠦᠬᠦ | ᠬᠤᠰᠢᠭᠤᠨ ᠤ 53 ᠭᠠᠴᠠᠭ᠎ᠠ᠂ 1500 ᠭᠠᠷᠤᠢ ᠮᠠᠯᠵᠢᠬᠤ ᠡᠷᠦᠬᠡ ᠪᠠᠷ ᠬᠦᠨᠵᠡᠭᠡᠶᠢᠷᠡᠨ᠂ ᠡᠮᠦᠨᠡᠬᠢ ᠬᠤᠭᠤᠴᠠᠭᠠᠨ ᠤ | ᠠᠵᠢᠯ ᠢᠶᠠᠨ ᠪᠡᠶᠡᠯᠡᠭᠦᠯᠵᠡᠢ᠃ ᠡᠨᠡ ᠨᠢᠬᠡ ᠵᠢᠯ ᠤᠨ ᠲᠤᠷᠰᠢ ᠤᠯᠠᠨ ᠠᠷᠪᠢᠨ ᠬᠦᠴᠢᠷᠳᠡᠯ ᠳᠤ ᠤᠴᠠᠷᠠᠵᠤ ᠪᠠᠶᠢᠭᠰᠠᠨ ᠴᠦ | ᠲᠡᠷᠠ ᠶᠡᠷᠦ ᠠᠴᠠ ᠬᠤᠶᠢᠰᠢ ᠤᠬᠤᠷᠢᠭᠰᠠᠨ ᠦᠭᠡᠢ᠂ ᠨᠠᠮ ᠤᠨ ᠬᠡᠰᠢᠬᠦᠨ ᠤ ᠦᠢᠯᠡᠳᠦᠯ ᠴᠢᠳᠠᠪᠬᠢ ᠪᠠᠨ ᠬᠦᠢᠴᠡᠳ | ᠪᠠᠳᠠᠷᠠᠭᠤᠯᠵᠤ᠂ ᠴᠠᠭ ᠠᠭᠠᠷ ᠤᠨ ᠬᠡᠴᠡᠬᠦᠦ ᠪᠠᠶᠢᠳᠠᠯ ᠳᠤ ᠴᠦ ᠤᠷᠤᠭᠰᠢ ᠲᠡᠮᠡᠦᠯᠡᠭᠰᠡᠭᠡᠷ ᠠᠵᠢᠯ ᠤᠨ ᠠᠬᠢᠴᠠ ᠪᠠᠨ | ᠲᠠᠪᠠᠭᠤᠯᠤᠨ ᠪᠡᠶᠡᠯᠡᠬᠦᠯᠵᠦ ᠪᠠᠶᠢᠯ᠎ᠠ᠃ | ᠢᠩᠭᠢᠬᠦ ᠳᠤ ᠨᠢᠭᠡ ᠤᠳᠠᠭᠠᠨ ᠤ ᠵᠠᠭᠠᠭ ᠢ ᠰᠢᠨᠵᠢᠯᠡᠨ ᠲᠤᠭᠳᠠᠭᠠᠬᠤ ᠪᠠᠷ ᠵᠠᠮᠨᠠᠵᠤ ᠪᠠᠶᠢᠭᠠᠳ᠂ ᠬᠡᠨᠡᠳᠲᠡ ᠰᠢᠷᠦᠬᠦᠨ | ᠪᠤᠷᠤᠭᠠᠨ ᠳᠤ ᠲᠠᠭᠠᠷᠢᠭᠳᠠᠵᠤ᠂ ᠡᠯᠡᠰᠦᠨ ᠭᠠᠵᠠᠷ᠂ ᠠᠭᠤᠯᠠᠨ ᠭᠠᠵᠠᠷ ᠤᠨ ᠡᠩᠭᠦᠯ ᠲᠤᠩᠬᠤᠯ ᠰᠢᠷᠦᠢ ᠶᠢᠨ ᠵᠠᠮ ᠰᠢᠪᠠᠷ | ᠱᠠᠯᠴᠢᠭ ᠢᠶᠠᠷ ᠲᠦᠭᠦᠷᠴᠦ᠂ ᠲᠡᠷᠬᠡ ᠶᠠᠪᠤᠬᠤ ᠳᠤ ᠬᠦᠴᠢᠷᠳᠡᠨ᠂ ᠲᠡᠷᠬᠡᠨ ᠬᠦᠷᠳᠦ ᠨᠢ ᠰᠠᠭᠤᠭᠳᠠᠨ ᠰᠠᠭᠠᠳᠠᠵᠤ ᠪᠠᠶᠢᠭᠰᠠᠨ | ᠴᠦ ᠶᠤᠸᠠᠨ ᠭᠤᠸᠠᠩ ᠰᠢᠷᠦᠬᠦᠨ ᠪᠤᠷᠤᠭᠠᠨ ᠲᠠᠢ ᠲᠡᠮᠡᠴᠡᠨ᠂ ᠪᠦᠬᠦ ᠪᠡᠶ᠎ᠡ ᠨᠢ ᠨᠡᠪᠲᠡ ᠨᠤᠷᠤᠵᠤ ᠪᠠᠶᠢᠭᠰᠠᠨ ᠴᠦ ᠲᠡᠷᠭᠡ | ᠪᠠᠨ ᠲᠦᠷᠢᠨ᠂ ᠡᠲᠦᠷ ᠤᠨ ᠠᠵᠢᠯ ᠢᠶᠠᠨ ᠡᠷᠬᠡᠪᠰᠢ ᠡᠲᠦᠷ ᠲᠤ ᠨᠢ ᠲᠠᠭᠤᠰᠬᠠᠨ᠎ᠠ ᠬᠡᠮᠡᠨ ᠬᠦᠴᠦᠯᠡᠨ ᠴᠢᠷᠮᠠᠶᠢᠵᠤ᠂ | ᠦᠳᠡᠰᠢ ᠶᠢᠨ ᠪᠦᠷᠦᠢ ᠪᠤᠯᠬᠤ ᠳᠤ ᠲᠦᠩᠭᠡᠵᠢ ᠬᠢᠯᠢ ᠵᠠᠭᠠᠭ ᠢ ᠬᠠᠷᠭᠤᠭᠤᠯᠤᠨ ᠬᠡᠮᠵᠢᠬᠦ ᠠᠵᠢᠯ ᠢᠶᠠᠨ ᠠᠮᠵᠢᠭᠤᠯᠵᠤ᠂ | ᠠᠵᠢᠯ ᠢᠶᠠᠨ ᠲᠡᠭᠦᠰ ᠠᠮᠵᠢᠯᠲᠠ ᠲᠠᠢ ᠪᠡᠶᠡᠯᠡᠬᠦᠯᠵᠦ᠂ ᠵᠢᠩᠬᠢᠨᠢ ᠦᠷ᠎ᠡ ᠪᠦᠲᠦᠭᠡᠯ ᠭᠠᠷᠭᠠᠨ᠂ ᠪᠥᠬᠦ ᠬᠤᠰᠢᠭᠤᠨ ᠤ ᠣᠶ | ᠰᠢᠭᠤᠢ ᠶᠢᠨ ᠥᠭᠡᠷᠡᠴᠢᠯᠡᠯᠲᠡ ᠶᠢᠨ ᠠᠵᠢᠯ ᠡᠭᠦᠷᠭᠡ ᠪᠠᠨ ᠬᠢᠯᠠᠯᠵᠠᠳᠠᠯ᠎ᠠ ᠪᠡᠶᠡᠯᠡᠬᠦᠯᠵᠦ᠂ ᠮᠠᠯᠴᠢᠳ ᠤᠨ ᠤᠢ ᠶᠢᠨ ᠡᠷᠬᠡ | ᠶᠢᠨ ᠦᠨᠡᠮᠯᠡᠯ ᠢᠶᠠᠨ ᠭᠠᠷᠳᠠᠨ ᠮᠠᠩᠨᠠᠢ ᠳᠠᠨᠠᠶᠢᠨ ᠪᠠᠶᠠᠰᠤᠯᠳᠤᠬᠤ ᠶᠢ ᠬᠠᠷᠠᠭᠠᠳ ᠰᠡᠳᠬᠢᠯ ᠤᠨ ᠬᠦᠨ ᠠᠴᠠ ᠪᠠᠨ ᠪᠠᠶᠠᠷᠯᠠᠨ | ᠲᠤᠭᠳᠤᠯᠵᠤ ᠪᠠᠶᠢᠯ᠎ᠠ᠃ | | ᠶᠤᠸᠠᠨ ᠭᠤᠸᠠᠩ ᠬᠠᠪᠴᠢᠭᠠᠢ ᠶᠢᠨ ᠡᠯᠡᠰᠦ ᠶᠢ ᠵᠠᠰᠠᠬᠤ ᠥᠷᠲᠡᠭᠡᠨ ᠤ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ | ᠪᠠᠶᠢᠬᠤ ᠳᠤ ᠪᠠᠨ ᠭᠠᠯ ᠢ ᠰᠡᠷᠭᠡᠶᠢᠯᠡᠬᠦ ᠪᠠᠷ ᠬᠠᠮᠤᠭ ᠠᠵᠢᠯ ᠤᠨ ᠢᠶᠠᠨ ᠭᠤᠤᠯᠳᠠᠯᠭ᠎ᠠ ᠪᠤᠯᠭᠠᠨ᠂ ᠲᠦᠪ ᠴᠢᠩᠭ᠎ᠠ ᠭᠠᠯ | ᠰᠡᠷᠭᠡᠶᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠤᠢ ᠰᠢᠭᠤᠢ ᠶᠢᠨ ᠬᠠᠮᠠᠭᠠᠯᠠᠭᠴᠢ ᠬᠡᠰᠡᠭ ᠬᠤᠪᠢᠶᠠᠨ | ᠬᠠᠷᠢᠭᠤᠴᠠᠬᠤ ᠳᠦᠷᠢᠮ᠂ 24 ᠴᠠᠭ ᠢᠶᠠᠷ ᠵᠢᠵᠢᠭᠦᠷᠯᠡᠬᠦ ᠳᠦᠷᠢᠮ ᠢ ᠬᠡᠷᠡᠭᠵᠢᠭᠦᠯᠵᠦ᠂ ᠬᠠᠷᠢᠶ᠎ᠠ ᠣᠷᠣᠨ ᠢᠶᠠᠷ ᠨᠠᠰᠢ ᠴᠠᠰᠢ | ᠥᠩᠭᠡᠷᠡᠬᠦ ᠬᠥᠮᠥᠰ᠂ ᠲᠡᠷᠭᠡ ᠬᠥᠰᠬᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠠᠯ ᠰᠡᠷᠭᠡᠶᠢᠯᠡᠬᠦ ᠬᠤᠭᠤᠴᠠᠭᠠᠨ ᠳᠤ ᠭᠠᠯ | ᠲᠦᠢᠮᠡᠷ ᠤᠨ ᠪᠠᠶᠢᠳᠠᠯ ᠦᠭᠡᠢ ᠪᠠᠶᠢᠬᠤ ᠬᠠᠷᠠᠯᠲᠠ ᠶᠢ ᠪᠡᠶᠡᠯᠡᠬᠦᠯᠬᠦ ᠶᠢᠨ ᠵᠡᠷᠭᠡᠪᠡᠷ ᠬᠠᠮᠳᠤ ᠠᠵᠢᠯᠯᠠᠭᠴᠢ ᠳᠤ ᠪᠠᠨ︽ᠭᠠᠯ | ᠰᠡᠷᠭᠡᠶᠢᠯᠡᠬᠦ ᠠᠵᠢᠯ ᠳᠤ ᠥᠴᠥᠬᠡᠨ ᠴᠦ ᠬᠠᠰᠢ ᠶᠠᠰᠢ ᠪᠠᠶᠢᠵᠤ ᠪᠣᠯᠬᠤ ᠦᠭᠡᠢ᠂ ᠨᠠᠷᠢᠨ ᠵᠦᠢᠯᠡᠰ ᠨᠢᠭᠡᠪᠦᠷᠢ ᠨᠢ ᠴᠥᠮ | ᠣᠶᠢᠲᠤ ᠭᠠᠵᠠᠷ ᠤᠨ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ︾ ᠬᠡᠮᠡᠨ ᠦᠷᠬᠦᠯᠵᠢ ᠵᠠᠬᠢᠵᠤ ᠰᠠᠨᠠᠭᠤᠯᠳᠠᠭ᠃ | ᠮᠦᠨᠴᠦ ᠣᠶ ᠰᠢᠭᠤᠢ ᠮᠠᠯ ᠠᠵᠤ ᠠᠬᠤᠢ ᠶᠢᠨ ᠵᠥᠷᠢᠴᠡᠯ ᠤᠨ ᠡᠮᠦᠨ᠎ᠡ᠂ ᠲᠡᠷᠡ ᠮᠠᠯᠵᠢᠬᠤ ᠡᠷᠦᠬᠡ ᠳᠤ ᠬᠦᠨᠵᠡᠭᠡᠶᠢᠷᠡᠨ᠂ | ᠤᠯᠠᠨ ᠤᠳᠠᠭᠠᠨ ᠤ ᠵᠦᠪᠳᠡᠯᠴᠡᠬᠦ ᠪᠠᠷ ᠲᠠᠮᠵᠢᠨ᠂ ᠮᠠᠯ ᠤᠷᠤᠭᠤᠯᠬᠤ ᠦᠭᠡᠢ ᠪᠠᠶᠢᠬᠤ ᠠᠰᠠᠭᠤᠳᠠᠯ ᠢ ᠪᠦᠲᠦᠮᠵᠢᠲᠡᠢ | ᠰᠢᠢᠳᠪᠦᠷᠢᠯᠡᠪᠡ᠃ | 2023 ᠣᠨ ᠳᠤ᠂ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠶᠡᠷᠦᠩᠭᠡᠶᠢᠯᠡᠨ ᠵᠠᠰᠠᠬᠤ ᠢᠨᠵᠧᠨᠧᠷᠢᠩ ᠤᠨ ᠠᠵᠢᠯ | ᠡᠬᠢᠯᠡᠵᠦ᠂ ᠭᠠᠵᠠᠷ ᠰᠢᠷᠣᠢ ᠶᠢ ᠨᠠᠶᠢᠳᠠᠪᠤᠷᠢᠵᠢᠭᠤᠯᠬᠤ ᠳᠤ ᠬᠦᠴᠢᠷᠲᠡᠢ᠂ ᠮᠠᠯᠵᠢᠬᠤ ᠡᠷᠦᠬᠡ ᠶᠢᠨ ᠢᠳᠡᠪᠬᠢᠵᠢᠯ ᠠᠨᠠᠢ ᠪᠠᠶᠢᠬᠤ | ᠬᠦᠴᠢᠷᠳᠡᠯ ᠤᠨ ᠡᠮᠦᠨ᠎ᠡ᠂ ᠶᠤᠸᠠᠨ ᠭᠤᠸᠠᠩ ᠨᠢᠭᠡ ᠭᠠᠷᠠᠭ ᠳᠠᠷᠠᠭᠠᠯᠠᠨ ᠮᠠᠯᠴᠢᠳ ᠤᠨ ᠭᠡᠷ ᠲᠤ ᠬᠦᠷᠴᠦ᠂ ᠲᠦᠷᠦ ᠶᠢᠨ | ᠪᠤᠳᠤᠯᠭ᠎ᠠ ᠶᠢ ᠲᠠᠶᠢᠯᠪᠤᠷᠢᠯᠠᠨ᠂ ᠨᠠᠷᠢᠯᠢᠭ ᠵᠠᠳᠠᠯᠤᠯᠲᠠ ᠬᠢᠵᠦ᠂ ᠰᠢᠷ᠎ᠠ ᠪᠤᠷᠭᠠᠰᠤ ᠳᠠᠷᠢᠪᠠᠯ ᠡᠯᠡᠰᠦ ᠶᠢ ᠲᠣᠭᠲᠠᠪᠤᠷᠢᠵᠢᠭᠤᠯᠵᠤ | ᠴᠢᠳᠠᠬᠤ ᠪᠠᠷ ᠪᠠᠷᠠᠬᠤ ᠦᠭᠡᠢ᠂ ᠰᠠᠯᠠᠭ᠎ᠠ ᠨᠠᠮᠠᠭ᠎ᠠ ᠶᠢ ᠨᠢ ᠴᠤ ᠬᠤᠳᠠᠯᠳᠤᠵᠤ ᠪᠣᠯᠣᠨ᠎ᠠ ᠭᠡᠵᠦ ᠮᠠᠯᠵᠢᠯ ᠤᠨ ᠪᠤᠰᠤ ᠤᠷᠤᠯᠭ᠎ᠠ | ᠡᠬᠦᠳᠦᠨ ᠬᠤᠤᠰ ᠦᠷ᠎ᠡ ᠠᠰᠢᠭ ᠤᠯᠬᠤ ᠠᠷᠭ᠎ᠠ ᠵᠠᠮ ᠢ ᠵᠢᠭᠠᠨ᠂ ᠦᠨᠡᠨᠴᠢ ᠪᠤᠷᠤᠭᠵᠢᠭᠤᠨ ᠠᠭᠠᠯᠢ ᠪᠠᠷ ᠢᠶᠠᠨ ᠮᠠᠯᠴᠢᠨ | ᠲᠦᠮᠡᠨ ᠤ ᠬᠦᠨᠳᠦᠳᠭᠡᠯ ᠢ ᠤᠯᠤᠭᠰᠠᠨ ᠢᠶᠠᠷ ᠪᠠᠷᠠᠬᠤ ᠦᠭᠡᠢ ᠦᠷ᠎ᠡ ᠶᠢᠨ ᠴᠢᠬᠢ ᠶᠢᠨ ᠬᠠᠩᠭᠠᠯᠭ᠎ᠠ ᠶᠢ ᠪᠠᠲᠤᠯᠠᠬᠤ ᠶᠢᠨ | ᠲᠥᠯᠥᠭᠡ᠂ ᠲᠡᠷᠡ ᠡᠷᠬᠢᠨ ᠲᠣᠭᠤᠷᠢᠨ ᠤ ᠭᠠᠵᠠᠷ ᠣᠷᠣᠨ ᠢᠶᠠᠷ ᠶᠠᠪᠤᠵᠤ᠂ ᠠᠵᠤ ᠠᠬᠤᠶᠢᠯᠠᠯ ᠲᠠᠢ ᠵᠣᠬᠢᠴᠠᠭᠤᠯᠤᠨ | ᠵᠣᠯᠭᠠᠭᠤᠯᠵᠤ᠂ ︽ᠨᠢᠭᠡ ᠪᠣᠭᠤᠵᠢ ᠴᠢᠬᠢ ᠶᠢ ᠢᠯᠡᠭᠦᠦ ᠨᠥᠭᠡᠴᠡᠯᠡᠪᠡᠯ᠂ ᠡᠯᠡᠰᠦ ᠶᠢ ᠵᠠᠰᠠᠬᠤ ᠳᠤ ᠨᠢᠭᠡ ᠬᠤᠪᠢ ᠬᠦᠰᠡᠯ | ᠡᠷᠡᠮᠡᠯᠵᠡᠯ ᠨᠡᠮᠡᠭᠳᠡᠬᠦ ᠪᠣᠯᠣᠨ᠎ᠠ︾ ᠬᠡᠮᠡᠨ ᠮᠡᠷᠡᠶᠢᠨ ᠴᠢᠷᠮᠠᠶᠢᠭᠰᠠᠨ ᠤ ᠳ᠋ᠦᠩ ᠳᠤ᠂ ᠲᠤᠬᠠᠢ ᠶᠢᠨ ᠭᠠᠵᠠᠷ ᠤᠨ 300 ᠲᠦᠮᠡᠨ | ᠰᠢᠷ᠎ᠠ ᠪᠤᠷᠭᠠᠰᠤᠨ ᠤ ᠲᠦᠷᠦᠭᠦᠦ ᠶᠢ ᠤᠷᠢᠳᠴᠢᠯᠠᠨ ᠨᠥᠭᠡᠴᠡᠯᠡᠵᠦ᠂ 70 ᠲᠦᠮᠡᠨ ᠲᠦᠷᠦᠭᠦᠦ ᠶᠢ ᠰᠢᠯᠵᠢᠬᠦᠯᠦᠨ | ᠠᠪᠴᠢᠷᠠᠭᠰᠠᠨ ᠶᠤᠮ᠃ | ᠡᠶᠢᠨᠬᠦ ᠶᠤᠸᠠᠨ ᠭᠤᠸᠠᠩ 2016 ︱ 2023 ᠣᠨ ᠳᠤ᠂ ᠣᠶ ᠰᠢᠭᠤᠢ ᠶᠢᠨ ᠠᠮᠢ ᠠᠬᠤᠢ ᠶᠢᠨ ᠵᠠᠰᠠᠯᠲᠠ ᠶᠢ | ᠨᠡᠶᠢᠲᠡ 32.21 ᠲᠦᠮᠡᠨ ᠮᠦ ᠪᠡᠶᠡᠯᠡᠭᠦᠯᠵᠦ᠂ ᠪᠠᠷᠤᠭᠴᠠᠭᠠᠯᠠᠪᠠᠯ ᠨᠤᠲᠤᠭ ᠤᠰᠤᠨ ᠳᠠᠭᠠᠨ 2000 ᠭᠠᠷᠤᠢ ᠪᠠᠷᠢᠮᠵᠢᠶᠠᠲᠤ | ᠬᠥᠯ ᠪᠥᠮᠪᠦᠭᠡ ᠶᠢᠨ ᠲᠠᠯᠠᠪᠠᠶ ᠲᠠᠢ ᠨᠣᠭᠤᠭᠠᠨ ᠬᠠᠯᠬᠠᠪᠴᠢ ᠶᠢ ᠨᠡᠮᠡᠷᠢᠯᠡᠨ᠂ 2024 ᠣᠨ ᠳᠤ ᠪᠠᠰᠠ 9.2 ᠲᠦᠮᠡᠨ ᠮᠦ | ᠡᠯᠡᠰᠦᠷᠬᠡᠭ ᠭᠠᠵᠠᠷ ᠢ ᠵᠠᠰᠠᠵᠤ ᠲᠠᠭᠤᠰᠬᠠᠨ᠂ ᠦᠰᠴᠦ ᠲᠦᠷᠦᠭᠰᠡᠨ ᠦᠵᠦᠮᠦᠴᠢᠨ ᠨᠤᠳᠤᠭ ᠲᠤ ᠪᠠᠨ ᠦᠯᠡᠮᠵᠢ ᠶᠡᠭᠡ | ᠬᠤᠪᠢ ᠨᠡᠮᠡᠷᠢ ᠦᠵᠡᠭᠦᠯᠦᠭᠰᠡᠨ ᠶᠤᠮ᠃ | ᠦᠨᠦᠳᠦᠷ ᠤᠯᠠᠭᠠᠨᠬᠠᠯᠠᠭ᠎ᠠ ᠰᠤᠮᠤᠨ ᠤ ᠰᠢᠨᠡᠭᠤᠤᠯ ᠭᠠᠴᠠᠭᠠᠨ ᠤ ᠥᠩᠭᠡᠷᠡᠭᠰᠡᠨ ᠤ 500 ᠮᠦ ᠡᠯᠡᠰᠦᠨ ᠭᠠᠵᠠᠷ ᠢ ᠪᠠᠷᠠᠯᠠᠬᠤ | ᠳᠤ᠂ ᠦᠨᠳᠦᠷ ᠥᠨᠳᠥᠷ ᠰᠢᠷ᠎ᠠ ᠪᠤᠷᠭᠠᠰᠤ ᠵᠢᠭᠳᠡᠷᠡᠨ ᠰᠠᠯᠬᠢᠨ ᠤ ᠠᠶ᠎ᠠ ᠪᠠᠷ ᠨᠠᠶᠢᠭᠤᠬᠤ ᠶᠢ ᠬᠠᠷᠠᠭᠰᠠᠨ ᠶᠤᠸᠠᠨ ᠭᠤᠸᠠᠩ | ᠦᠪᠡᠷ ᠤᠨ ᠡᠷᠬᠡ ᠦᠭᠡᠢ ᠰᠡᠳᠬᠢᠯ ᠲᠤᠭᠳᠤᠯᠤᠨ᠄ ︽ᠨᠤᠳᠤᠭ ᠤᠰᠤᠨ ᠤ ᠮᠢᠨᠢ ᠠᠮᠢ ᠠᠬᠤᠢ ᠰᠡᠷᠭᠦᠨ ᠰᠠᠶᠢᠵᠢᠷᠠᠵᠤ ᠯᠡ | ᠪᠠᠶᠢᠪᠠᠯ᠂ ᠠᠯᠢᠪᠠ ᠶᠠᠳᠠᠷᠠᠯ ᠵᠦᠳᠡᠷᠠᠯ᠂ ᠰᠢᠷᠭᠠᠭᠤ ᠲᠡᠮᠡᠴᠡᠯ ᠪᠦᠬᠦᠨ ᠦᠷᠳᠡᠭ ᠲᠠᠢ︾ ᠬᠡᠮᠡᠨ ᠤᠮᠤᠭᠳᠠᠶᠢᠬᠠᠨ ᠶᠠᠷᠢᠯ᠎ᠠ᠃ | ︽ᠴᠢᠷᠮᠠᠶᠢᠯᠭ᠎ᠠ ᠬᠥᠮᠥᠨ ᠢ ᠭᠤᠮᠣᠳᠠᠭᠠᠬᠤ ᠦᠭᠡᠢ︾ ᠭᠡᠳᠡᠭᠴᠢᠯᠡᠨ ᠶᠤᠸᠠᠨ ᠭᠤᠸᠠᠩ ᠪᠣᠯ ᠲᠤᠭ᠎ᠠ ᠲᠣᠮᠰᠢ ᠦᠭᠡᠢ | ᠤᠯᠠᠨ ︽ᠤᠮᠠᠷᠠᠲᠤ ᠶᠢᠨ ᠭᠤᠷᠪᠠᠨ ᠣᠷᠣᠨ︾ ᠤ ᠪᠦᠲᠦᠭᠡᠨ ᠪᠠᠶᠢᠭᠤᠯᠤᠭᠴᠢᠳ ᠤᠨ ᠬᠤᠷᠢᠶᠠᠩᠭᠤᠢ ᠳᠦᠷᠰᠦ ᠪᠠᠶᠢᠵᠤ᠂ | ᠤᠷᠢ ᠵᠠᠯᠠᠭᠤ ᠨᠠᠰᠤ ᠪᠤᠯᠤᠨ ᠤᠶᠢᠭ᠎ᠠ ᠦᠭᠡᠢ ᠬᠥᠳᠡᠯᠮᠦᠷᠢ᠂ ᠤᠬᠠᠭᠠᠨ ᠲᠠᠮᠢᠷ ᠢᠶᠠᠨ ᠡᠷᠬᠢᠮᠯᠡᠵᠦ ᠲᠡᠭᠡᠳᠦᠯᠡᠳᠡᠭ ᠲᠤᠷᠠᠲᠠᠢ | ᠪᠠᠭ᠋ᠠᠳᠠᠢ ᠦᠢᠯᠡᠰ ᠲᠤ ᠪᠠᠨ ᠵᠤᠷᠢᠭᠤᠯᠵᠤ᠂ ᠲᠡᠰᠪᠦᠷᠢ ᠲᠡᠪᠴᠢᠶᠡᠷᠢ᠂ ᠡᠷᠡᠰ ᠬᠠᠳᠠᠭᠤ ᠵᠤᠷᠢᠭ ᠰᠦᠰᠦ ᠪᠠᠷ ᠪᠠᠨ ᠡᠯᠡᠰᠦ | ᠮᠠᠩᠬ᠎ᠠ ᠶᠢ ᠨᠤᠮᠢᠨ ᠨᠤᠭᠤᠭᠠᠨ ᠭᠤᠶᠤᠯᠠᠯ ᠢᠶᠠᠷ ᠴᠢᠮᠡᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ | ᠲᠦᠪᠰᠢᠨ ᠢ ᠰᠠᠬᠢᠨ ᠬᠠᠮᠠᠭᠠᠯᠠᠬᠤ ᠠᠭᠤᠤ ᠦᠢᠯᠡᠰ ᠲᠤ ᠤᠨᠠᠭᠰᠠᠨ ᠮᠠᠯᠠᠭᠠᠢ ᠪᠠᠨ ᠠᠪᠬᠤ ᠵᠠᠪ ᠦᠭᠡᠢ ᠡᠷᠡᠯᠭᠡᠭᠯᠡᠨ | ᠤᠷᠤᠭᠰᠢᠯᠠᠭᠰᠠᠭᠠᠷ ᠶᠠᠪᠤᠭ᠎ᠠ ᠨᠢ ᠪᠢᠰᠢᠷᠡᠬᠦᠰᠢᠲᠠᠢ ᠁ | | | ᠪᠠᠷᠠᠭᠤᠨ ᠦᠵᠦᠮᠦᠴᠢᠨ ᠬᠤᠰᠢᠭᠤᠨ ᠤ ᠤᠢ ᠰᠢᠭᠤᠢ ᠶᠢᠨ ᠦᠢᠯᠡᠰ ᠤᠨ | ᠬᠦᠭᠵᠢᠬᠦᠯᠦᠯᠲᠡ ᠶᠢᠨ ᠲᠦᠪ ᠤᠨ ᠠᠵᠢᠯᠳᠠᠨ ᠰᠦᠩ ᠷᠦᠢ᠄ ︽ᠶᠤᠸᠠᠨ | ᠭᠤᠸᠠᠩ ᠡᠷᠬᠢᠯᠡᠭᠴᠢ ᠡᠶᠡᠯᠳᠡᠭ ᠲᠤᠳᠤᠨᠤ ᠂ ᠠᠵᠢᠯ ᠳᠤ ᠪᠠᠨ ᠲᠤᠶᠢᠯ ᠤᠨ | ᠬᠠᠷᠢᠭᠤᠴᠠᠯᠭ᠎ᠠ ᠲᠠᠢ᠂ ᠪᠢ ᠲᠡᠭᠦᠨ ᠢ ᠲᠤᠩ ᠶᠡᠭᠡ ᠪᠢᠰᠢᠷᠡᠳᠡᠭ᠃ ᠲᠡᠷᠡ | ᠠᠵᠢᠯ ᠤᠨ ᠲᠠᠯ᠎ᠠ ᠳᠤ ᠶᠡᠭᠡ ᠴᠢᠩᠭ᠎ᠠ ᠨᠢᠮᠪᠠᠢ ᠪᠠᠶᠢᠵᠤ᠂ ᠪᠢᠳᠡᠨ ᠢᠴᠦ | ᠴᠢᠩᠭ᠎ᠠ ᠱᠠᠭᠠᠷᠳᠠᠳᠠᠭ᠃ ᠵᠢᠯ ᠤᠨ ᠲᠦᠷᠪᠡᠨ ᠤᠯᠠᠷᠢᠯ ᠳᠤ ᠡᠯᠡᠰᠦ ᠶᠢ ᠰᠡᠷᠭᠡᠶᠢᠯᠡᠨ | ᠵᠠᠰᠠᠬᠤ ᠡᠮᠦᠨ᠎ᠡ ᠹᠷᠤᠨᠲ ᠲᠤ ᠰᠢᠷᠭᠠᠭᠠᠤ ᠠᠵᠢᠯᠯᠠᠭᠰᠠᠭᠠᠷ ᠪᠠᠶᠢᠳᠠᠭ᠃ ᠶᠡᠷᠦ ᠶᠢᠨ | ᠦᠶ᠎ᠡ ᠳᠤ ᠴᠦ ᠦᠷᠭᠦᠯᠵᠢ ᠠᠵᠢᠯ ᠤᠨ ᠠᠷᠭ᠎ᠠ ᠲᠤᠷᠰᠢᠯᠭ᠎ᠠ ᠪᠠᠨ | ᠬᠤᠪᠢᠶᠠᠯᠴᠠᠨ᠂ ᠪᠢᠳᠡᠨ ᠢ ᠶᠡᠭᠡ ᠵᠤᠷᠢᠭᠵᠢᠭᠤᠯᠳᠠᠭ᠃ ᠶᠤᠸᠠᠨ ᠭᠤᠸᠠᠩ ᠡᠷᠬᠢᠯᠡᠭᠴᠢ | ᠪᠤᠯ ᠪᠢᠳᠡᠨ ᠤ ᠲᠠᠭᠠᠨ ᠰᠤᠷᠤᠯᠴᠠᠬᠤ ᠰᠠᠶᠢᠨ ᠲᠠᠭᠤᠷᠢᠶᠠᠯ ᠮᠦᠨ᠃︾ |