ᠬᠥᠮᠥᠰ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠡᠳᠦᠷ ᠢᠷᠡᠬᠦᠶ᠎ᠡ ᠴᠢᠬᠤᠯᠠᠴᠢᠯᠠᠬᠤ ᠪᠣᠯᠵᠤ᠂ ᠪᠡᠶ᠎ᠡ ᠶᠢᠨ | ᠬᠦᠨᠳᠦ ᠶᠢᠨ ᠬᠠᠮᠢᠶᠠᠷᠤᠯᠲᠠ ᠨᠢ ᠨᠢᠭᠡᠨᠲᠡ ᠠᠷᠠᠳ ᠣᠯᠠᠨ ᠤ ᠡᠷᠡᠭᠦᠯ ᠮᠡᠨᠳᠦ ᠠᠮᠢᠳᠤᠷᠠᠯ ᠢ ᠬᠥᠭᠡᠭᠡᠴᠡᠯᠳᠦᠬᠦ | ᠵᠠᠩᠭᠢᠯᠠᠭ᠎ᠠ ᠶᠢᠨ ᠨᠢᠭᠡ ᠭᠤᠭᠴᠤᠭ᠎ᠠ ᠪᠣᠯᠤᠭᠰᠠᠨ ᠪᠠᠶᠢᠨ᠎ᠠ᠃ ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ | ᠪᠠᠶᠠᠩᠭᠤᠣᠯ ᠨᠡᠶᠢᠭᠡᠮ ᠲᠣᠭᠤᠷᠢᠭ ᠬᠢᠭᠡᠳ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠤᠯᠪᠣᠭᠠᠯᠠᠨ | ᠨᠠᠷᠢᠨ ᠲᠥᠰᠥᠪᠯᠡᠭᠰᠡᠨ ︽ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠨᠡᠶᠢᠭᠡᠮ ᠲᠣᠭᠤᠷᠢᠭ ᠤᠨ ᠡᠷᠡᠭᠦᠯ ᠮᠡᠨᠳᠦ ᠶᠢᠨ ᠬᠦᠴᠦᠨ ᠢ ᠪᠠᠲᠤᠳᠬᠠᠬᠤ ᠠᠶᠠᠯᠠᠯ︾ ᠤᠨ ᠠᠵᠢᠯᠯᠠᠭ᠎ᠠ ᠲᠡᠭᠦᠰ | ᠠᠮᠵᠢᠯᠲᠠ ᠲᠠᠢ ᠥᠨᠳᠥᠷᠯᠡᠵᠦ᠂ ᠡᠯ᠎ᠡ ᠨᠠᠰᠤᠨ ᠤ 190 ᠰᠢᠬᠠᠮ ᠰᠠᠭᠤᠭᠠᠯᠢ ᠠᠷᠠᠳ ᠢᠳᠡᠪᠬᠢᠲᠡᠢ ᠣᠷᠣᠯᠴᠠᠵᠤ᠂ | ᠨᠡᠶᠢᠭᠡᠮ ᠲᠣᠭᠤᠷᠢᠭ ᠲᠤ ᠡᠷᠡᠭᠦᠯ ᠮᠡᠨᠳᠦ ᠶᠢ ᠬᠥᠭᠡᠭᠡᠴᠡᠯᠳᠦᠬᠦ ᠬᠠᠯᠠᠭᠤᠨ ᠥᠷᠨᠢᠯᠲᠡ ᠶᠢ ᠪᠣᠢ ᠪᠣᠯᠭᠠᠪᠠ᠃ | ᠠᠵᠢᠯᠯᠠᠭ᠎ᠠ ᠨᠢ 30 ᠡᠳᠦᠷ ᠶᠠᠪᠤᠭᠳᠠᠵᠤ᠂ ᠠᠭᠤᠯᠭ᠎ᠠ ᠪᠠᠷ ᠪᠠᠶᠠᠯᠢᠭ ᠪᠥᠭᠡᠳ ᠬᠠᠨᠳᠤᠯᠭᠠᠲᠤ ᠴᠢᠨᠠᠷ ᠢᠶᠠᠷ | ᠴᠢᠩᠭ᠎ᠠ ᠪᠠᠶᠢᠵᠤ᠂ ᠪᠡᠶ᠎ᠡ ᠴᠢᠭᠢᠷᠠᠭᠵᠢᠭᠤᠯᠬᠤ ᠲᠠᠮᠢᠷ᠂ ᠬᠦᠴᠦᠨ ᠤ ᠪᠣᠯᠪᠠᠰᠤᠷᠠᠯ᠂ ᠪᠡᠶ᠎ᠡ ᠰᠡᠳᠬᠢᠯ ᠢᠶᠠᠨ | ᠲᠠᠶᠢᠪᠤᠰᠢᠷᠠᠭᠤᠯᠬᠤ ᠶᠤᠭ᠎ᠠ ᠰᠤᠩᠭᠠᠯᠲᠠ ᠁ ᠵᠡᠷᠭᠡ ᠤᠯᠠᠨ ᠶᠠᠩᠵᠤ ᠶᠢᠨ ᠲᠠᠮᠢᠷ ᠤᠨ ᠬᠥᠳᠡᠯᠭᠡᠭᠡᠨ ᠢᠶᠠᠷ | ᠰᠠᠭᠤᠭᠠᠯᠢ ᠠᠷᠠᠳ ᠲᠤ ᠡᠷᠡᠭᠦᠯ ᠴᠢᠭᠢᠷᠠᠭ ᠪᠠ ᠪᠠᠶᠠᠷ ᠪᠠᠶᠠᠰᠤᠯ ᠢ ᠣᠯᠭᠤᠵᠠᠢ᠃ | ᠤᠷᠳᠤ ᠬᠤᠭᠤᠴᠠᠭᠠᠨ ᠤ ᠪᠠᠷᠢᠮᠲᠠᠯᠠᠯ ᠪᠠ ᠴᠢᠷᠮᠠᠶᠢᠯᠭ᠎ᠠ ᠨᠢ ᠲᠡᠭᠦᠰ ᠠᠮᠵᠢᠯᠲᠠ ᠶᠢᠨ ᠰᠠᠭᠤᠷᠢ ᠪᠣᠯᠣᠨ᠎ᠠ᠃ | ᠲᠤᠰ ᠠᠵᠢᠯᠯᠠᠭ᠎ᠠ ᠳᠤ ᠣᠷᠣᠯᠴᠠᠭᠰᠠᠨ ᠣᠯᠠᠨ ᠬᠥᠮᠥᠰ ᠰᠢᠨᠵᠢᠯᠡᠬᠦ ᠤᠬᠠᠭᠠᠨᠴᠢ ᠪᠠᠷ ᠢᠳᠡᠭᠡᠨ ᠤᠮᠳᠠᠭᠠᠨ ᠢᠶᠠᠨ | ᠲᠣᠬᠢᠷᠠᠭᠤᠯᠬᠤ ᠪᠠ ᠪᠡᠶ᠎ᠡ ᠲᠠᠮᠢᠷ ᠤᠨ ᠬᠥᠳᠡᠯᠭᠡᠭᠡᠨ ᠤ ᠠᠷᠭ᠎ᠠ ᠶᠢ ᠵᠥᠪ ᠡᠵᠡᠮᠰᠢᠵᠦ᠂ ᠡᠳᠦᠷ ᠪᠦᠷᠢ ᠲᠣᠬᠢᠷᠠᠮᠵᠢᠲᠠᠢ | ᠬᠥᠳᠡᠯᠭᠡᠭᠡᠨ ᠬᠢᠵᠦ᠂ ᠢᠳᠡᠭᠡᠨ ᠤᠮᠳᠠᠭᠠᠨ ᠢᠶᠠᠨ ᠵᠣᠬᠢᠰᠲᠠᠢ ᠲᠣᠬᠢᠷᠠᠭᠤᠯᠬᠤ ᠰᠠᠶᠢᠨ ᠰᠠᠶᠢᠬᠠᠨ ᠳᠠᠳᠬᠠᠯ ᠲᠠᠢ | ᠪᠣᠯᠤᠭᠰᠠᠨ ᠪᠠᠶᠢᠨ᠎ᠠ᠃ ᠠᠵᠢᠯᠲᠠᠳ ᠠᠵᠢᠯ ᠤᠨ ᠴᠢᠯᠦᠭᠡᠨ ᠤ ᠴᠠᠭ ᠢᠶᠠᠨ ᠠᠰᠢᠭᠯᠠᠨ ᠪᠣᠯᠪᠠᠰᠤᠷᠠᠵᠤ᠂ ᠪᠡᠶ᠎ᠡ ᠶᠢᠨ | ᠬᠦᠨᠳᠦ ᠪᠠᠨ ᠪᠠᠭᠤᠷᠠᠭᠤᠯᠤᠭᠰᠠᠨ ᠢᠶᠠᠷ ᠪᠠᠷᠠᠬᠤ ᠦᠭᠡᠢ᠂ ᠠᠵᠢᠯ ᠤᠨ ᠳᠠᠷᠤᠭᠠᠰᠤ ᠪᠠᠨ ᠴᠤ ᠬᠥᠩᠭᠡᠷᠡᠭᠦᠯᠵᠦ᠂ ᠨᠠᠩ | ᠴᠤᠭ ᠵᠢᠪᠬᠤᠭ᠎ᠠ ᠲᠠᠢ ᠪᠠᠷ ᠠᠵᠢᠯ ᠳᠠᠭᠠᠨ ᠰᠢᠮᠳᠠᠨ᠎ᠠ᠃ ᠥᠲᠡᠯᠦᠭᠡ ᠪᠤᠭᠤᠷᠤᠯᠴᠤᠳ ᠴᠤ ᠥᠪᠡᠷ ᠲᠤ ᠪᠠᠨ | ᠲᠣᠬᠢᠷᠠᠬᠤ ᠣᠯᠠᠨ ᠵᠦᠢᠯ ᠤᠨ ᠬᠥᠳᠡᠯᠭᠡᠭᠡᠨ ᠤ ᠠᠷᠭ᠎ᠠ ᠮᠠᠶ᠋ᠢᠭ ᠢ ᠰᠤᠷᠴᠤ ᠪᠠᠷᠢᠮᠲᠠᠯᠠᠵᠤ ᠪᠣᠯᠪᠠᠰᠤᠷᠠᠭᠰᠠᠨ ᠢᠶᠠᠷ ᠪᠡᠶ᠎ᠡ | ᠨᠢ ᠬᠥᠩᠭᠡᠷᠡᠵᠦ᠂ ᠨᠣᠶᠢᠷ ᠨᠢ ᠴᠦ ᠢᠯᠡᠳᠲᠡ ᠰᠠᠶᠢᠵᠢᠷᠠᠭᠰᠠᠨ ᠪᠠᠶᠢᠨ᠎ᠠ᠃ ᠰᠠᠭᠤᠭᠠᠯᠢ ᠠᠷᠠᠳ ᠯᠢ ᠠᠪᠠᠭ᠋ᠠᠢ᠄ ︽ | ᠥᠩᠭᠡᠷᠡᠭᠰᠡᠨ ᠳᠤ ᠮᠠᠷᠢᠶ᠎ᠠ ᠰᠢᠭᠤᠷᠠᠭᠤᠯᠬᠤ ᠭᠡᠳ ᠶᠡᠷᠦᠨᠢ ᠳᠤᠲᠠᠭᠤ ᠲᠤᠷᠭᠤᠨ ᠵᠣᠭᠰᠣᠳᠠᠭ ᠪᠠᠶᠢᠭᠰᠠᠨ᠂ ᠤᠳᠤ | ᠨᠡᠶᠢᠭᠡᠮ ᠲᠣᠭᠤᠷᠢᠭ ᠤᠨ ᠬᠢᠴᠢᠶᠡᠯ ᠢ ᠲᠠᠭᠠᠵᠦ ᠪᠠᠶᠢᠨ᠎ᠠ᠂ ᠤᠯᠠᠨ ᠢᠶᠠᠷ ᠢᠶᠠᠨ ᠬᠠᠷᠢᠯᠴᠠᠨ ᠵᠣᠷᠢᠭᠵᠢᠭᠤᠯᠵᠤ ᠬᠢᠨᠠᠯᠲᠠ | ᠲᠠᠯᠪᠢᠵᠤ ᠪᠠᠶᠢᠨ᠎ᠠ᠂ ᠪᠢ ᠨᠢᠭᠡᠨᠲᠡ ᠨᠢᠭᠡ ᠰᠠᠷ᠎ᠠ ᠪᠠᠷᠢᠮᠲᠠᠯᠠᠭᠰᠠᠨ ᠢᠶᠠᠷ ᠪᠡᠶ᠎ᠡ ᠶᠢᠨ ᠬᠦᠨᠳᠦ ᠪᠠᠭᠤᠷᠠᠭᠰᠠᠨ ᠮᠥᠷᠲᠡᠭᠡᠨ | ᠪᠡᠶ᠎ᠡ ᠮᠠᠬᠠᠪᠤᠳ ᠴᠤ ᠴᠢᠩᠭᠠᠷᠠᠭᠰᠠᠨ ᠪᠠᠶᠢᠨ᠎ᠠ︾ ᠭᠡᠵᠦ ᠪᠠᠶ᠋ᠷᠯᠠᠨ ᠬᠡᠯᠡᠵᠦ ᠪᠠᠶᠢᠯ᠎ᠠ᠃ | ᠪᠦᠷᠢᠳᠬᠡᠯ ᠢ ᠦᠨᠳᠦᠰᠦᠯᠡᠪᠡᠯ᠂ ᠪᠠᠷᠤᠭ 90% ᠶᠢᠨ ᠣᠷᠣᠯᠴᠠᠭᠰᠠᠳ ᠤᠨ ᠪᠡᠶ᠎ᠡ ᠶᠢᠨ ᠬᠦᠨᠳᠦ ᠨᠢ ᠠᠳᠠᠯᠢ | ᠪᠣᠰᠤ ᠬᠡᠮᠵᠢᠶ᠎ᠡ ᠪᠠᠷ ᠪᠠᠭᠤᠷᠠᠵᠤ᠂ ᠡᠭᠦᠨ ᠤ ᠳᠣᠲᠣᠷ᠎ᠠ 50 ᠰᠢᠬᠠᠮ ᠬᠥᠮᠥᠨ ᠤ ᠪᠡᠶ᠎ᠡ ᠶᠢᠨ ᠬᠦᠨᠳᠦ ᠨᠢ | ᠳᠤᠮᠳᠠᠴᠢ ᠪᠠᠷ 3 ᠺᠢᠯᠣᠭ᠍ᠷᠠᠮ ᠠᠴᠠ ᠢᠯᠡᠭᠦᠦ ᠪᠠᠭᠤᠷᠠᠵᠤ᠂ ᠡᠭᠦᠨ ᠳᠤ ᠬᠠᠮᠤᠭ ᠤᠨ ᠶᠡᠭᠡ ᠮᠠᠷᠢᠶ᠎ᠠ | ᠰᠢᠭᠤᠷᠠᠭᠤᠯᠤᠭᠰᠠᠨ ᠬᠦᠮᠦᠨ ᠤ ᠪᠡᠶ᠎ᠡ ᠶᠢᠨ ᠬᠥᠨᠳᠥ ᠨᠢ 23.7 ᠺᠢᠯᠣᠭ᠍ᠷᠠᠮ ᠪᠠᠭᠤᠷᠠᠵᠤ᠂ ᠪᠡᠶ᠎ᠡ ᠶᠢᠨ ᠡᠯ᠎ᠡ | ᠵᠦᠢᠯ ᠤᠨ ᠭᠦᠢᠴᠡᠳᠬᠡᠯ ᠲᠤᠭ᠎ᠠ ᠨᠢ ᠴᠤ ᠢᠯᠡᠳᠲᠡ ᠰᠠᠶᠢᠵᠢᠷᠠᠪᠠ᠃ | ᠲᠣᠰ ᠤᠳᠠᠭᠠᠨ ᠤ ᠠᠵᠢᠯᠯᠠᠭ᠎ᠠ ᠨᠢ ᠶᠡᠷᠦ ᠪᠤᠰᠤ ᠶᠢᠨ ᠠᠴᠢ ᠬᠤᠯᠪᠣᠭᠳᠠᠯ ᠲᠠᠢ ᠪᠠᠶᠢᠵᠤ᠂ ᠰᠠᠭᠤᠭᠠᠯᠢ ᠠᠷᠠᠳ | ᠤᠨ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠭᠰᠡᠨ ᠢᠶᠠᠷ | ᠪᠠᠷᠠᠬᠤ ᠦᠭᠡᠢ᠂ ᠨᠠᠩ ᠴᠤ ᠨᠡᠶᠢᠭᠡᠮ ᠲᠣᠭᠤᠷᠢᠭ ᠲᠤ ᠡᠷᠡᠭᠦᠯ ᠴᠢᠭᠢᠷᠠᠭ ᠠᠮᠢᠳᠤᠷᠠᠯ ᠢ ᠬᠥᠭᠡᠭᠡᠴᠡᠯᠳᠦᠬᠦ ᠭᠦᠨ | ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠰᠠᠭᠤᠭᠠᠯᠢ ᠠᠷᠠᠳ ᠤᠨ ᠬᠤᠭᠤᠷᠣᠨᠳᠣᠬᠢ ᠰᠣᠯᠢᠯᠴᠠᠭ᠎ᠠ | ᠬᠠᠪᠰᠤᠷᠤᠯᠴᠠᠭ᠎ᠠ ᠶᠢ ᠴᠢᠩᠭᠠᠳᠬᠠᠵᠠᠢ᠃ ᠠᠵᠢᠯᠯᠠᠭ᠎ᠠ ᠨᠢ ᠨᠠᠮ ᠤᠨ ᠪᠠᠶᠢᠭᠤᠯᠤᠯᠲᠠ ᠶᠢᠨ ᠬᠤᠯᠪᠤᠭᠠᠯᠠᠨ | ᠪᠠᠶᠢᠭᠤᠯᠬᠤ ᠪᠠᠷ ᠵᠢᠯᠣᠭᠤᠳᠤᠮᠵᠢ ᠪᠣᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠷᠢᠶᠠᠯᠠᠬᠤ ᠬᠦᠴᠦᠨ ᠪᠠ ᠨᠢᠭᠲᠠᠷᠠᠭᠤᠯᠬᠤ ᠬᠦᠴᠦᠨ ᠢ ᠭᠦᠢᠴᠡᠳ ᠪᠠᠳᠠᠷᠠᠭᠤᠯᠵᠤ᠂ ︽ᠨᠠᠮ ᠤᠨ ᠡᠭᠦᠷ ᠤᠨ ᠨᠠᠮ | ᠤᠨ ᠭᠡᠰᠢᠭᠦᠨ ᠲᠦᠷᠦᠭᠦᠯᠡᠬᠦ + ᠬᠠᠮᠲᠤᠪᠠᠷ ᠪᠠᠶᠢᠭᠤᠯᠬᠤ ᠨᠢᠭᠡᠴᠡ ᠶᠢᠨ ᠲᠤᠰᠬᠠᠢ ᠮᠡᠷᠭᠡᠵᠢᠯ ᠤᠨ ᠳᠡᠮᠵᠢᠯᠭᠡ + | ᠪᠦᠬᠦ ᠠᠷᠠᠳ ᠢᠶᠠᠷ ᠢᠶᠠᠨ ᠣᠷᠣᠯᠴᠠᠬᠤ︾ ᠦᠢᠯᠡᠴᠢᠯᠡᠭᠡᠨ ᠤ ᠵᠠᠭᠪᠤᠷ ᠢ ᠪᠠᠶᠢᠭᠤᠯᠵᠤ᠂ ᠡᠷᠡᠭᠦᠯ ᠮᠡᠨᠳᠦ ᠶᠢᠨ | ᠦᠢᠯᠡᠴᠢᠯᠡᠭᠡ ᠶᠢ ᠤᠯᠠᠨ ᠲᠦᠮᠡᠨ ᠤ ᠠᠮᠢᠳᠤᠷᠠᠯ ᠳᠤ ᠣᠨᠣᠪᠴᠢᠲᠠᠢ ᠪᠠᠷ ᠠᠭᠤᠰᠤᠯᠴᠠᠭᠤᠯᠵᠠᠢ᠃ | ᠪᠠᠶᠠᠩᠭᠤᠣᠯ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠬᠤᠶᠢᠰᠢᠳᠠ ᠡᠷᠡᠭᠦᠯ ᠮᠡᠨᠳᠦ | ᠶᠢᠨ ᠬᠠᠮᠢᠶᠠᠷᠤᠯᠲᠠ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠠᠬᠢᠭᠤᠯᠤᠨ᠎ᠠ᠃ ᠲᠣᠭᠲᠠᠮᠠᠯ ᠬᠤᠭᠤᠴᠠᠭ᠎ᠠ ᠲᠠᠢ ᠪᠠᠷ | ᠡᠷᠡᠭᠦᠯ ᠮᠡᠨᠳᠦ ᠶᠢᠨ ᠲᠠᠶᠢᠯᠤᠮᠵᠢ ᠬᠢᠬᠦ᠂ ᠪᠡᠶ᠎ᠡ ᠶᠢᠨ ᠲᠠᠮᠢᠷ ᠤᠨ ᠬᠢᠴᠢᠶᠡᠯ ᠡᠷᠬᠢᠯᠡᠬᠦ ᠵᠡᠷᠭᠡ ᠠᠵᠢᠯᠯᠠᠭ᠎ᠠ ᠶᠢ | ᠦᠷᠭᠦᠯᠵᠢᠯᠡᠨ ᠵᠣᠬᠢᠶᠠᠨ ᠪᠠᠶᠢᠭᠤᠯᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠢ ᠲᠠᠰᠤᠷᠠᠯᠲᠠ | ᠦᠭᠡᠢ ᠴᠢᠩᠭᠠᠳᠬᠠᠨ᠂ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠤᠷ᠎ᠠ ᠮᠡᠷᠭᠡᠵᠢᠯ ᠢ ᠳᠡᠭᠡᠭᠰᠢᠯᠡᠭᠦᠯᠦᠨ᠎ᠡ᠃ | ᠨᠠᠩ ᠣᠯᠠᠨ ᠲᠤᠰᠬᠠᠢ ᠪᠠᠶᠢᠭᠤᠯᠤᠮᠵᠢ ᠲᠠᠢ ᠬᠤᠯᠪᠤᠭᠠᠯᠠᠨ᠂ ᠰᠠᠭᠤᠭᠠᠯᠢ ᠠᠷᠠᠳ ᠲᠤ ᠨᠠᠩ ᠪᠥᠬᠦ ᠲᠠᠯ᠎ᠠ ᠶᠢᠨ ᠡᠷᠡᠭᠦᠯ | ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠬᠠᠩᠭᠠᠵᠤ᠂ ︽ᠨᠠᠮ ᠤᠨ ᠡᠭᠦᠷ ︱ ᠨᠡᠶᠢᠭᠡᠮ ᠲᠣᠭᠤᠷᠢᠭ ︱ ᠭᠡᠷ | ᠪᠦᠯᠢ︾ ᠬᠠᠮᠵᠢᠯᠴᠠᠭᠰᠠᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠡᠷᠡᠭᠦᠯ ᠮᠡᠨᠳᠦ ᠵᠣᠯ ᠵᠢᠷᠭᠠᠯ ᠢ | ᠪᠥᠬᠦ ᠲᠠᠯ᠎ᠠ ᠪᠠᠷ ᠰᠠᠬᠢᠨ ᠬᠠᠮᠠᠭᠠᠯᠠᠵᠤ᠂ ᠨᠠᠩ ᠣᠯᠠᠨ ᠰᠠᠭᠤᠭᠠᠯᠢ ᠠᠷᠠᠳ ᠲᠤ ᠪᠠᠶᠠᠷ ᠪᠠᠶᠠᠰᠤᠯ ᠣᠯᠭᠤᠨ᠎ᠠ ᠭᠡᠵᠡᠢ᠃ | |