ᠬᠠᠰᠴᠢᠮᠡᠭ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠳᠠᠭᠠᠭᠤᠯᠤᠭᠴᠢ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2025/5/8
    ᠣᠶᠢᠷ᠎ᠠ ᠶᠢᠨ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠵᠢᠷ ᠤᠨ ᠭᠤᠣᠯ ᠪᠠᠯᠭᠠᠰᠣᠨ ᠤ ᠬᠠᠯᠢᠭᠤᠳᠣ ᠭᠠᠴᠠᠭᠠᠨ ᠤ ᠵᠠᠯᠠᠭᠤ ᠮᠠᠯᠴᠢᠨ ᠬᠠᠰᠴᠢᠮᠡᠭ ᠢ ᠰᠣᠶᠤᠯ ᠵᠢᠭᠤᠯᠴᠢᠯᠠᠯ ᠤᠨ ᠶᠠᠮᠤᠨ  ᠠᠴᠠ ᠬᠥᠳᠡᠭᠡ ᠲᠣᠰᠬᠤᠨ  ᠤ ᠰᠣᠶᠤᠯ ᠵᠢᠭᠤᠯᠴᠢᠯᠠᠯ ᠤᠨ ᠲᠠᠭᠠᠭᠤᠯᠤᠭᠴᠢ ᠪᠠᠷ ᠦᠨᠡᠯᠠᠵᠦ᠂ ᠲᠠᠭᠦᠨ ᠤ ᠤᠯᠠᠨ ᠵᠢᠯ ᠤᠨ ᠲᠤᠷᠰᠢ ᠰᠣᠶᠤᠯ ᠵᠢᠭᠤᠯᠴᠢᠯᠠᠯ ᠤᠨ ᠦᠢᠯᠠᠰ ᠤᠨ ᠲᠦᠯᠦᠬᠡᠨ᠎ᠠ ᠵᠢᠳᠬᠦᠭᠰᠡᠨ ᠭᠦᠳᠠᠯᠮᠤᠷᠢ ᠴᠢᠷᠮᠠᠶᠢᠯᠭ᠎ᠠ ᠶᠢ ᠨᠢ ᠬᠦᠢᠴᠠᠳ ᠨᠤᠳᠠᠯᠠᠪᠠ᠃ᠬᠠᠰᠴᠢᠮᠡᠭ ᠰᠤᠷᠭᠠᠭᠤᠯᠢ ᠪᠠᠨ ᠲᠡᠭᠦᠰᠦᠭᠰᠡᠨ ᠤ ᠳᠠᠷᠠᠭ᠎ᠠ᠂ ᠨᠤᠲᠤᠭ ᠲᠠᠭᠠᠨ ᠬᠠᠷᠢᠨ ᠮᠠᠯ ᠠᠵᠦ ᠠᠬᠤᠢ ᠪᠠᠨ ᠡᠵᠡᠩᠨᠠᠵᠦ ᠡᠬᠢᠯᠡᠵᠡᠢ᠃ 2011 ᠣᠨ ᠠᠴᠠ ᠡᠬᠢᠯᠡᠨ᠂ ᠬᠤᠰᠢᠭᠤ ᠵᠠᠰᠠᠭ ᠤᠨ ᠣᠷᠳᠣᠨ ᠵᠢᠴᠢ ᠭᠠᠴᠠᠭᠠᠨ ᠵᠥᠪᠯᠡᠯ ᠤᠨ ᠢᠶᠠᠨ ᠳᠡᠮᠵᠢᠯᠭᠡ ᠳᠣᠣᠷ᠎ᠠ᠂ ᠮᠠᠯ ᠠᠵᠦ ᠠᠬᠤᠢ ᠶᠢᠨ ᠦᠢᠯᠡᠰ ᠤᠨ ᠬᠡᠯᠬᠢᠶᠡᠵᠢᠭᠰᠡᠨ ᠠᠵᠤ ᠠᠬᠤᠶᠢᠯᠠᠯ ᠢ ᠪᠠᠶᠢᠭᠤᠯᠤᠨ᠂ ᠲᠠᠪᠤᠨ ᠬᠤᠰᠢᠭᠤ ᠮᠠᠯ ᠢ ᠡᠵᠡᠩᠨᠡᠨ ᠪᠤᠷᠤᠯᠠᠭᠤᠯᠬᠤ ᠪᠠᠷ ᠭᠤᠣᠯ ᠪᠤᠯᠭᠠᠵᠦ ᠪᠠᠶᠢᠭᠰᠠᠨ ᠢᠶᠠᠨ 2011 ︱ 2014 ᠣᠨ ᠤ ᠬᠤᠭᠤᠷᠣᠨᠳᠤ᠂ ᠲᠡᠷᠡ ᠮᠠᠯ ᠤᠨ ᠡᠭᠦᠯᠳᠡᠷ ᠢ ᠰᠠᠶᠢᠵᠢᠷᠠᠭᠤᠯᠬᠤ ᠪᠠᠷ ᠬᠦᠴᠦᠯᠡᠨ ᠴᠢᠷᠮᠠᠶᠢᠵᠤ᠂ ᠮᠠᠯᠴᠢᠳ ᠲᠤ ᠦᠨ᠎ᠡ ᠲᠥᠯᠥᠪᠦᠷᠢ ᠦᠭᠡᠢ ᠪᠠᠷ ᠰᠢᠯᠢᠳᠡᠭ ᠡᠭᠦᠯᠳᠡᠷ ᠤᠨ ᠮᠠᠯ ᠢ ᠬᠠᠩᠭᠠᠵᠤ᠂ ᠮᠠᠯ ᠤᠨ ᠡᠮᠴᠢ ᠤᠷᠢᠵᠤ ᠮᠠᠯᠴᠢᠳ ᠲᠤ ᠲᠦᠬᠦᠮ ᠦᠵᠡᠬᠦᠯᠦᠨ᠂ 200 ᠰᠢᠬᠠᠮ ᠮᠠᠯᠵᠢᠬᠤ ᠡᠷᠣᠬᠡ ᠶᠢ ᠲᠠᠶᠢᠴᠢᠯᠠᠨ ᠤᠷᠤᠯᠭ᠎ᠠ ᠶᠢᠨ ᠨᠡᠮᠡᠭᠳᠡᠯ  ᠢ ᠨᠢ ᠠᠬᠢᠭᠤᠯᠵᠡᠢ᠃
       2014 ᠣᠨ ᠤ ᠡᠬᠢ ᠪᠠᠷ᠂ ᠬᠠᠰᠴᠢᠮᠡᠭ ᠡᠵᠡᠩᠨᠡᠯᠳᠠ ᠶᠢᠨ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠠᠮᠢᠳᠤ ᠮᠠᠯ  ᠤᠨ ᠪᠣᠷᠤᠯᠠᠭᠤᠯᠭ᠎ᠠ ᠪᠠᠨ ᠵᠣᠭᠰᠣᠭᠠᠵᠤ᠂ ᠦᠬᠡᠷ ᠬᠤᠨᠢᠨ ᠤ ᠮᠢᠬ᠎ᠠ ᠪᠠᠨ ᠡᠳ᠋ᠰᠢᠯᠠᠬᠦᠯᠦᠨ᠂ ᠮᠠᠯ ᠠᠵᠤ ᠠᠬᠤᠢ ᠶᠢᠨ ᠪᠦᠲᠦᠭᠡᠭᠳᠡᠬᠦᠨ ᠪᠤᠯᠭᠠᠬᠤ ᠪᠠᠷ ᠵᠣᠷᠢᠭ ᠰᠢᠢᠳᠴᠦ᠂  ᠭᠠᠵᠠᠷ ᠤᠷᠤᠨ ᠤ ᠪᠠᠨ ᠮᠠᠯᠴᠢᠨ ᠵᠢᠴᠢ ᠠᠵᠢᠯ ᠣᠯᠬᠤ ᠳᠤ ᠬᠦᠴᠢᠷᠲᠡᠢ ᠬᠥᠮᠥᠰ ᠢ ᠤᠷᠢᠨ ᠠᠵᠢᠯᠯᠠᠭᠤᠯᠵᠤ᠂ ᠲᠤᠰᠬᠠᠢ ᠮᠡᠷᠭᠡᠵᠢᠯ ᠤᠨ ᠪᠣᠯᠪᠠᠰᠤᠷᠠᠭᠤᠯᠬᠤ ᠪᠦᠯᠬᠦᠮ ᠢ ᠵᠣᠬᠢᠶᠠᠨ  ᠪᠠᠶᠢᠭᠤᠯᠤᠨ᠂ ᠺᠣᠮᠫᠠᠨᠢ ᠶᠢᠨ ᠠᠰᠢᠭ ᠤᠷᠤᠯᠭ᠎ᠠ ᠪᠠᠨ ᠳᠡᠭᠡᠭᠰᠢᠯᠡᠭᠦᠯᠵᠡᠢ᠃ 2015 ᠣᠨ ᠳᠤ᠂ ᠲᠡᠷᠡ ︽ᠭᠦᠳᠡᠭᠡ ᠠᠶᠢᠯ︾ ᠵᠤᠭᠠᠴᠠᠯ ᠤᠨ ᠭᠠᠵᠠᠷ ᠪᠣᠯᠣᠨ ︽ᠪᠠᠷᠠᠭᠤᠨ ᠦᠵᠦᠮᠦᠴᠢᠨ ᠬᠤᠰᠢᠭᠤᠨ ᠤ ᠵᠢᠷᠦᠬᠡ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ︾ ᠶᠢ ᠳᠠᠩᠰᠠᠯᠠᠭᠤᠯᠤᠨ ᠪᠠᠶᠢᠭᠤᠯᠵᠤ᠂ ᠠᠵᠤ ᠦᠢᠯᠡᠰ ᠤᠨ ᠬᠦᠷᠢᠶ᠎ᠡ ᠬᠡᠪᠴᠢᠶ᠎ᠡ ᠶᠢ ᠤᠯᠠᠮ ᠴᠢᠨᠠᠭᠰᠢᠳᠠ ᠥᠷᠭᠡᠳᠬᠡᠵᠡᠢ᠃
       2020 ᠣᠨ ᠳᠤ ᠬᠠᠰᠴᠢᠮᠡᠭ ︽ᠪᠠᠷᠠᠭᠤᠨ ᠦᠵᠦᠮᠦᠴᠢᠨ ᠬᠤᠰᠢᠭᠤᠨ ᠤ ᠲᠠᠷᠢᠬᠦᠨ ᠮᠠᠯᠵᠢᠯ ᠤᠨ ᠲᠠᠯᠠᠪᠠᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ︾ ᠶᠢ ᠳᠠᠩᠰᠠᠯᠠᠭᠤᠯᠤᠨ ᠪᠠᠶᠢᠭᠤᠯᠬᠤ ᠶᠢᠨ ᠬᠠᠮᠲᠤ ᠰᠢᠭᠤᠳ ᠡᠵᠡᠩᠨᠡᠯᠲᠡ ᠶᠢᠨ ᠳᠡᠯᠭᠡᠭᠦᠷ ᠨᠡᠭᠡᠭᠡᠵᠦ᠂ ᠲᠡᠵᠢᠭᠡᠨ ᠦᠷᠡᠵᠢᠭᠦᠯᠬᠦ᠂ ᠮᠠᠯ ᠠᠵᠤ ᠠᠬᠤᠢ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠰᠣᠶᠤᠯ ᠵᠢᠭᠤᠯᠴᠢᠯᠠᠯ᠂ ᠬᠤᠭᠤᠯᠠ ᠤᠮᠳᠠ᠂ ᠬᠤᠨᠤᠭ ᠢ ᠨᠢᠭᠡ ᠴᠣᠭᠴᠠᠵᠢᠭᠤᠯᠤᠭᠰᠠᠨ ᠪᠥᠬᠦ ᠠᠵᠤ ᠦᠢᠯᠡᠰ ᠤᠨ ᠬᠡᠯᠬᠢᠶᠠᠰᠣ ᠶᠢ ᠪᠣᠶ ᠪᠣᠯᠭᠠᠪᠠ᠃ 2015 ︱ 2023 ᠣᠨ ᠤ ᠬᠤᠭᠤᠷᠣᠨᠳᠤ᠂ ᠲᠡᠷᠡ ᠵᠠᠯᠭᠠᠭ᠎ᠠ ᠪᠠᠷ ᠲᠠᠸᠠᠷ ᠤᠨ ᠲᠡᠮᠳᠡᠭ ᠢᠶᠠᠨ ᠳᠠᠩᠰᠠᠯᠠᠭᠤᠯᠵᠤ᠂ ᠣᠯᠠᠨ ᠭᠠᠵᠠᠷ ᠲᠤ ᠰᠢᠭᠤᠳ ᠡᠵᠡᠩᠨᠡᠯᠲᠡ ᠶᠢᠨ ᠳᠡᠯᠭᠡᠭᠦᠷ ᠨᠡᠭᠡᠭᠡᠭᠰᠡᠨ ᠪᠥᠭᠡᠳ ᠰᠦᠯᠵᠢᠶ᠎ᠡ ᠪᠠᠷ ᠲᠠᠮᠵᠢᠨ᠂ ᠮᠠᠯ ᠠᠵᠦ ᠠᠬᠤᠢ ᠶᠢᠨ ᠪᠦᠳᠦᠬᠡᠭᠳᠡᠬᠦᠨ ᠪᠤᠷᠤᠯᠠᠭᠤᠯᠤᠨ᠂ ᠤᠷᠤᠨ ᠨᠤᠳᠤᠭ ᠤᠨ ᠰᠣᠶᠤᠯ ᠵᠢᠭᠤᠯᠴᠢᠯᠠᠯ ᠢᠶᠠᠨ ᠭᠠᠳᠠᠭᠰᠢ ᠤᠬᠠᠭᠤᠯᠤᠭᠰᠠᠨ ᠪᠠᠶᠢᠨ᠎ᠠ᠃
       ᠣᠳᠣᠬᠠᠨ ᠳᠤ᠂ ᠲᠠᠬᠦᠨ ᠤ ᠮᠠᠯᠵᠢᠯ ᠤᠨ ᠲᠠᠯᠠᠪᠠᠶ ᠶᠢᠨ ᠵᠢᠯ ᠤᠨ ᠡᠵᠡᠩᠨᠡᠯᠲᠡ ᠶᠢᠨ ᠣᠷᠣᠯᠭ᠎ᠠ ᠨᠢ ᠪᠠᠷᠤᠭ 210 ᠲᠦᠮᠡᠨ ᠲᠥᠭᠦᠷᠢᠭ ᠪᠠᠶᠢᠵᠤ᠂ ᠠᠰᠢᠭ ᠬᠤᠨᠵᠢᠪᠤᠷᠢ ᠨᠢ 54 ᠲᠦᠮᠡᠨ ᠲᠥᠭᠦᠷᠢᠭ ᠲᠤ ᠬᠦᠷᠴᠦ᠂ ᠠᠰᠢᠭ ᠬᠤᠨᠵᠢᠪᠤᠷᠢ ᠶᠢᠨ ᠨᠣᠷᠮ᠎ᠠ ᠨᠢ 60% ᠭᠦᠷᠦᠭᠰᠡᠨ ᠪᠠᠶᠢᠨ᠎ᠠ᠃    ᠬᠠᠰᠴᠢᠮᠡᠭ ᠪᠠᠰᠠ ᠬᠠᠯᠢᠭᠤᠳᠣ ᠭᠠᠴᠠᠭᠠᠨ ᠳᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ ᠥᠭᠭᠦᠭᠰᠡᠨ ᠢᠶᠠᠷ ᠪᠠᠷᠠᠬᠤ ᠦᠭᠡᠢ ᠵᠤᠬᠢᠬᠤ ᠬᠡᠮᠵᠢᠶᠡᠨ ᠤ ᠠᠵᠢᠯ ᠤᠨ ᠪᠠᠶᠢᠷᠢ ᠬᠠᠩᠭᠠᠵᠤ᠂ ᠮᠠᠯᠴᠢᠳ ᠤᠨ ᠤᠷᠤᠯᠭ᠎ᠠ ᠶᠢᠨ ᠨᠡᠮᠡᠭᠳᠡᠯ  ᠢ ᠠᠬᠢᠭᠤᠯᠤᠭᠰᠠᠨ ᠤ ᠬᠠᠮᠲᠤ᠂ ᠲᠤᠬᠠᠢ ᠶᠢᠨ ᠭᠠᠵᠠᠷ ᠤᠨ ᠵᠤᠭᠠᠴᠠᠯ ᠤᠨ ᠦᠢᠯᠡᠰ᠂ ᠢᠳᠡᠭᠡᠨ ᠤᠮᠳᠠᠭᠠᠨ ᠤ ᠦᠢᠯᠡᠰ ᠤᠨ ᠥᠷᠨᠢᠩᠭᠦᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠵᠢᠷᠤᠭᠯᠠᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号