ᠪᠠᠷᠠᠭᠤᠨ ᠦᠵᠦᠮᠦᠴᠢᠨ ᠬᠤᠰᠢᠭᠤᠨ ᠤ ᠳᠠᠭᠠᠳᠬᠠᠯ ᠳᠤ ᠤᠷᠤᠯᠴᠠᠵᠦ ᠠᠵᠢᠯ ᠠᠴᠠ ᠪᠠᠨ ᠠᠮᠠᠷᠠᠭᠰᠠᠳ ᠲᠤ ᠄ | 2025 ᠣᠨ ᠤ 4 ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠣᠷᠣᠨ ᠤ ᠨᠡᠶᠢᠭᠡᠮ ᠤᠨ | ᠳᠠᠭᠠᠳᠬᠠᠯ ᠤᠨ ᠣᠯᠭᠤᠮᠵᠢ ᠶᠢᠨ ᠬᠢᠷᠢ ᠬᠡᠮ ᠤᠨ ᠭᠡᠷᠡᠴᠢᠯᠡᠭᠡ ᠬᠢᠬᠦ ᠦᠶᠡᠯᠡᠯ ᠤᠨ ᠬᠤᠭᠤᠴᠠᠭ᠎ᠠ ᠶᠢ ᠣᠣᠯ ᠨᠢ 12 | ᠰᠠᠷ᠎ᠠ ᠪᠠᠶᠢᠭᠰᠠᠨ ᠢ 6 ᠰᠠᠷ᠎ᠠ ᠪᠣᠯᠭᠠᠨ ᠬᠤᠪᠢᠷᠠᠭᠤᠯᠵᠦ᠂ ᠵᠢᠯ ᠪᠦᠷᠢ 2 ᠤᠳᠠᠭ᠎ᠠ ᠭᠡᠷᠡᠴᠢᠯᠡᠭᠡ ᠬᠢᠬᠦ ᠬᠡᠷᠡᠭᠲᠡᠢ | ᠪᠤᠯᠪᠠ᠃ ᠬᠠᠷᠠᠭᠠᠯᠵᠠᠯ ᠬᠦᠷᠲᠡᠭᠴᠢ ᠨᠢ ᠭᠡᠷᠡᠴᠢᠯᠡᠭᠡ ᠶᠢᠨ ᠦᠶᠡᠯᠡᠯ ᠤᠨ ᠬᠤᠭᠤᠴᠠᠭ᠎ᠠ ᠲᠤᠯᠬᠤ ᠠᠴᠠ ᠡᠮᠦᠨ᠎ᠡ | ᠳᠠᠷᠠᠭ᠎ᠠ ᠤᠳᠠᠭᠠᠨ ᠤ ᠭᠡᠷᠡᠴᠢᠯᠡᠭᠡ ᠪᠠᠨ ᠬᠢᠵᠦ ᠳᠠᠭᠤᠰᠬᠠᠬᠤ ᠬᠡᠷᠡᠭᠲᠡᠢ᠂ ᠲᠤᠬᠠᠶᠢᠯᠠᠪᠠᠯ ᠳᠠᠷᠠᠭ᠎ᠠ ᠤᠳᠠᠭᠠᠨ ᠤ | ᠭᠡᠷᠡᠴᠢᠯᠡᠭᠡ ᠶᠢᠨ ᠬᠤᠭᠤᠴᠠᠭ᠎ᠠ ᠨᠢ ᠳᠡᠭᠡᠷ᠎ᠡ ᠤᠳᠠᠭᠠᠨ ᠤ ᠭᠡᠷᠡᠴᠢᠯᠡᠭᠡ ᠶᠢᠨ ᠬᠤᠭᠤᠴᠠᠭ᠎ᠠ ᠠᠴᠠ 6 ᠰᠠᠷ᠎ᠠ ᠬᠡᠲᠦᠷᠡᠵᠦ | ᠪᠣᠯᠬᠤ ᠦᠭᠡᠢ᠂ ᠳᠡᠭᠡᠷ᠎ᠡ ᠤᠳᠠᠭᠠᠨ ᠤ ᠭᠡᠷᠡᠴᠢᠯᠡᠭᠡ ᠶᠢᠨ ᠬᠤᠭᠤᠴᠠᠭ᠎ᠠ ᠠᠴᠠ 6 ᠰᠠᠷ᠎ᠠ ᠭᠡᠳᠦᠷᠡᠭᠰᠡᠨ ᠪᠠᠶᠢᠪᠠᠯ᠂ | ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠰᠢᠰᠲ᠋ᠧᠮ ᠠᠴᠠ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ | ᠣᠯᠭᠤᠬᠤ ᠶᠢ ᠲᠦᠷ ᠵᠣᠭᠰᠣᠭᠠᠨ᠎ᠠ᠃ | ᠣᠳᠣᠬᠠᠨ ᠳᠤ ᠪᠥᠬᠦ ᠬᠤᠰᠢᠭᠤᠨ ᠤ ᠳᠠᠭᠠᠳᠬᠠᠯ ᠳᠤ ᠣᠷᠣᠯᠴᠠᠵᠤ ᠠᠵᠢᠯ ᠠᠴᠠ ᠪᠠᠨ ᠠᠮᠠᠷᠠᠭᠰᠠᠳ ᠳᠤᠳᠤᠷ᠎ᠠ | ᠭᠡᠷᠡᠴᠢᠯᠡᠭᠡ ᠪᠠᠨ ᠬᠢᠭᠡᠳᠦᠢ ᠬᠦᠮᠦᠰ ᠤᠨ ᠲᠤᠭ᠎ᠠ ᠨᠡᠯᠢᠶᠡᠳ ᠣᠯᠠᠨ ᠪᠠᠶᠢᠨ᠎ᠠ᠂ ᠡᠶᠢᠮᠦ ᠠᠴᠠ ᠲᠣᠰ ᠪᠡᠶ᠎ᠡ ᠶᠢᠨ ᠠᠰᠢᠭ | ᠲᠤᠰᠠ ᠪᠠᠨ ᠪᠠᠲᠤᠯᠠᠬᠤ ᠶᠢᠨ ᠲᠥᠯᠥᠭᠡ᠂ ᠭᠡᠷᠡᠴᠢᠯᠡᠭᠡ ᠪᠠᠨ ᠬᠢᠭᠡᠳᠦᠢ ᠬᠦᠮᠦᠰ 5 ᠰᠠᠷ᠎ᠠ ᠶᠢᠨ 12 ᠤᠨ | ᠡᠳᠦᠷ ᠠᠴᠠ ᠡᠮᠦᠨ᠎ᠡ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠢᠷᠢ ᠬᠡᠮ ᠤᠨ ᠭᠡᠷᠡᠴᠢᠯᠡᠭᠡ ᠪᠠᠨ | ᠪᠡᠶᠡᠯᠡᠭᠦᠯᠵᠦ᠂ ᠳᠠᠷᠠᠭ᠎ᠠ ᠰᠠᠷ᠎ᠠ ᠶᠢᠨ ᠣᠯᠭᠤᠮᠵᠢ ᠪᠠᠨ ᠬᠠᠷᠰᠢᠯᠠᠬᠤ ᠦᠭᠡᠢ ᠪᠠᠶᠢᠬᠤ ᠶᠢ ᠰᠠᠨᠠᠭᠤᠯᠵᠦ ᠪᠠᠶᠢᠨ᠎ᠠ᠃ | ᠭᠡᠷᠡᠴᠢᠯᠡᠬᠦ ᠬᠡᠯᠪᠡᠷᠢ᠄ | ᠰᠦᠯᠵᠢᠶᠡᠨ ᠳᠡᠭᠡᠷᠡᠬᠢ ᠭᠡᠷᠡᠴᠢᠯᠡᠭᠡ᠄ ︽ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ︾ ᠶᠢᠨ APP ᠶᠢ ᠪᠠᠭᠤᠯᠭᠠᠵᠤ ᠠᠪᠤᠭᠠᠳ ︽ᠨᠡᠶᠢᠭᠡᠮ ᠤᠨ ᠳᠠᠭᠠᠳᠬᠠᠯ ᠤᠨ | ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠭᠡ︾ ᠶᠢᠨ ᠬᠡᠰᠡᠭ ᠲᠤ ᠤᠷᠤᠨ᠎ᠠ ︱ ᠰᠠᠨᠠᠭᠤᠯᠤᠮᠵᠢ ᠶᠣᠰᠣᠭᠠᠷ ᠬᠢᠵᠦ | ᠳᠠᠭᠤᠰᠬᠠᠨ᠎ᠠ ︵24 ᠴᠠᠭ ᠲᠤ ᠭᠦᠢᠴᠡᠳᠬᠡᠵᠦ ᠪᠣᠯᠣᠨ᠎ᠠ︶᠃ | ᠰᠦᠯᠵᠢᠶᠡᠨ ᠠᠴᠠ ᠭᠠᠳᠠᠨᠠᠬᠢ ᠭᠡᠷᠡᠴᠢᠯᠡᠭᠡ᠄ ᠪᠡᠶ᠎ᠡ ᠶᠢᠨ ᠦᠨᠡᠮᠯᠡᠯ ᠢᠶᠠᠨ ᠠᠪᠴᠤ ᠪᠠᠷᠠᠭᠤᠨ ᠦᠵᠦᠮᠦᠴᠢᠨ | ᠬᠤᠰᠢᠭᠤᠨ ᠤ ᠨᠡᠶᠢᠭᠡᠮ ᠤᠨ ᠪᠠᠲᠤᠯᠠᠭ᠎ᠠ ᠶᠢᠨ ᠲᠥᠪ ᠤᠨ ᠭᠠᠷᠲᠠᠨ ᠭᠦᠢᠴᠡᠳᠬᠡᠬᠦ ᠴᠣᠩᠬᠤ ᠪᠤᠶᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠬᠦᠷᠴᠦ ᠭᠦᠢᠴᠡᠳᠬᠡᠨ᠎ᠡ᠃ | ᠭᠡᠷᠡᠴᠢᠯᠡᠭᠡ ᠶᠢ ᠣᠷᠣᠯᠠᠨ ᠭᠦᠢᠴᠡᠳᠬᠡᠬᠦ᠄ ᠭᠡᠷ ᠪᠦᠯᠢ ᠶᠢᠨ ᠬᠢᠨ APP ᠶᠢ ᠬᠠᠮᠵᠢᠨ ᠬᠡᠷᠡᠭᠯᠡᠬᠦ ᠪᠤᠶᠤ | ᠰᠦᠯᠵᠢᠶᠡᠨ ᠭᠠᠳᠠᠨᠠᠬᠢ ᠴᠢᠭ ᠲᠤ ᠬᠦᠷᠴᠦ ᠣᠷᠣᠯᠠᠨ ᠭᠦᠢᠴᠡᠳᠬᠡᠵᠦ ᠪᠣᠯᠣᠨ᠎ᠠ᠃ | ᠣᠨᠴᠠᠭᠠᠶᠢᠯᠠᠨ ᠰᠠᠨᠠᠭᠤᠯᠬᠤ ᠨᠢ᠄ | ᠭᠡᠷᠡᠴᠢᠯᠡᠭᠡ ᠬᠢᠭᠡᠳ ᠠᠮᠵᠢᠯᠲᠠ ᠣᠯᠣᠭᠰᠠᠨ ᠤ ᠳᠠᠷᠠᠭ᠎ᠠ᠂ ᠬᠠᠷᠠᠭᠠᠯᠵᠠᠯ ᠢ ᠨᠢ ᠬᠡᠪ ᠤᠨ ᠶᠣᠰᠣᠭᠠᠷ ᠣᠯᠭᠤᠨ᠎ᠠ᠂ | ᠭᠡᠷᠡᠴᠢᠯᠡᠭᠡ ᠪᠠᠨ ᠬᠢᠭᠰᠡᠨ ᠦᠭᠡᠢ ᠬᠥᠮᠥᠰ ᠢ ᠰᠢᠰᠲ᠋ᠧᠮ ᠠᠴᠠ ᠠᠶᠠᠨᠳᠠᠭᠠᠨ ᠤᠯᠭᠤᠮᠵᠢ ᠶᠢ ᠨᠢ ᠵᠤᠭᠰᠤᠭᠠᠵᠤ᠂ | ᠭᠡᠷᠡᠴᠢᠯᠡᠭᠡ ᠪᠠᠨ ᠨᠦᠬᠦᠪᠦᠷᠢᠯᠡᠨ ᠬᠢᠭᠰᠡᠨ ᠤ ᠳᠠᠷᠠᠭ᠎ᠠ ᠰᠠᠷ᠎ᠠ ᠳᠤᠨᠢ ᠰᠠᠶ᠋ᠢ ᠰᠡᠷᠭᠦᠭᠡᠬᠦ ᠶᠢᠨ ᠬᠠᠮᠲᠤ ᠨᠥᠬᠦᠪᠦᠷᠢᠯᠡᠨ | ᠣᠯᠭᠤᠨ᠎ᠠ᠃ | ᠥᠨᠳᠥᠷ ᠨᠠᠰᠤᠲᠠᠢ᠂ ᠬᠥᠳᠡᠯᠵᠦ ᠪᠠᠷᠢᠬᠤ ᠳᠤ ᠳᠥᠭᠦᠮ ᠦᠭᠡᠢ ᠬᠥᠮᠥᠰ ᠨᠡᠶᠢᠭᠡᠮ ᠲᠣᠭᠤᠷᠢᠭ ᠤᠨ ᠠᠵᠢᠯᠲᠠᠨ | ᠲᠠᠢ ᠬᠠᠷᠢᠯᠴᠠᠵᠤ᠂ ᠭᠡᠷ ᠲᠤᠨᠢ ᠬᠦᠷᠴᠦ ᠭᠡᠷᠡᠴᠢᠯᠡᠭᠡ ᠬᠢᠬᠦ ᠦᠢᠯᠡᠴᠢᠯᠡᠭᠡ ᠶᠢ ᠪᠣᠯᠵᠣᠵᠤ ᠪᠣᠯᠣᠨ᠎ᠠ᠃ | ᠯᠠᠪᠯᠠᠬᠤ ᠤᠲᠠᠰᠤ᠄ 0479 ︱ 3523052 ︵ᠪᠠᠷᠠᠭᠤᠨ ᠦᠵᠦᠮᠦᠴᠢᠨ ᠬᠤᠰᠢᠭᠤᠨ ᠤ ᠨᠡᠶᠢᠭᠡᠮ ᠤᠨ | ᠪᠠᠲᠤᠯᠠᠭ᠎ᠠ ᠶᠢᠨ ᠦᠢᠯᠡᠴᠢᠯᠡᠭᠡᠨ ᠤ ᠲᠥᠪ︶ | | ᠪᠠᠷᠠᠭᠤᠨ ᠦᠵᠦᠮᠦᠴᠢᠨ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ | ᠦᠢᠯᠡᠴᠢᠯᠡᠭᠡᠨ ᠤ ᠲᠥᠪ | 2025 ᠣᠨ ᠤ 5 ᠰᠠᠷ᠎ᠠ ᠶᠢᠨ 7 ᠤ ᠡᠳᠦᠷ | | |